ᠨᠠᠷᠠᠨᠪᠣᠯᠠᠭ ᠰᠣᠮᠣᠨ ᠤ ᠮᠠᠯ ᠤᠨ ᠦᠬᠦᠳᠡᠯ ᠢᠶᠠᠨ ᠳᠤᠷ᠎ᠠ ᠪᠠᠷ ᠢᠶᠠᠨ ᠬᠠᠶᠠᠬᠤ ᠶᠢ ᠴᠢᠩᠭ᠎ᠠ ᠴᠠᠭᠠᠵᠠᠯᠠᠬᠤ ᠲᠤᠬᠠᠢ ᠵᠠᠷᠯᠠᠯ
ᠨᠡᠶᠢᠲᠡᠯᠡᠭᠰᠡᠨ ᠴᠠᠭ᠄
2025/2/27
     ︽ᠪᠦᠬᠦᠲᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠢᠲᠠᠨ ᠤ ᠬᠢᠵᠢᠭ ᠢ ᠰᠡᠷᠭᠡᠶᠢᠯᠡᠬᠦ ᠬᠠᠤᠯᠢ︾ ᠶᠢᠨ ᠲᠤᠭᠲᠠᠭᠠᠯ ᠢ ᠦᠨᠳᠦᠰᠦᠯᠡᠪᠡᠯ᠄ ︽ᠡᠪᠡᠳᠴᠢᠯᠡᠵᠦ ᠦᠬᠦᠭᠰᠡᠨ ᠪᠤᠶᠤ ᠦᠬᠦᠭᠰᠡᠨ ᠰᠢᠯᠲᠠᠭᠠᠨ ᠨᠢ ᠲᠤᠳᠤᠷᠬᠠᠢ ᠦᠭᠡᠢ ᠠᠮᠢᠲᠠᠨ ᠤ ᠦᠬᠦᠳᠡᠯ ᠢ ᠳᠤᠷ᠎ᠠ ᠪᠠᠷ ᠢᠶᠠᠨ ᠰᠢᠢᠳᠪᠦᠷᠢᠯᠡᠵᠦ ᠪᠣᠯᠬᠤ ᠦᠭᠡᠢ︾᠃ ᠠᠮᠢᠲᠠᠨ ᠦᠬᠦᠭᠰᠡᠨ ᠤ ᠳᠠᠷᠠᠭ᠎ᠠ ᠬᠤᠭ ᠤᠨ ᠰᠠᠪᠠ᠂ ᠵᠠᠮ ᠤᠨ ᠬᠠᠵᠠᠭᠤ᠂ ᠪᠡᠯᠴᠢᠭᠡᠷ ᠲᠡᠭᠡᠷ᠎ᠡ ᠬᠠᠶᠠᠪᠠᠯ᠂ ᠬᠦᠮᠦᠨ ᠤ ᠪᠡᠶ᠎ᠡ ᠶᠢᠨ ᠡᠷᠡᠭᠦᠯ ᠮᠡᠨᠳᠦ ᠳᠤ ᠬᠤᠤᠷ ᠬᠦᠨᠦᠭᠡᠯ ᠤᠴᠠᠷᠠᠭᠤᠯᠤᠨ᠎ᠠ᠃ ᠬᠦᠮᠦᠨ ᠮᠠᠯ ᠳᠤ ᠪᠦᠷ ᠳᠤᠰᠠᠳᠠᠭ ᠡᠪᠡᠳᠴᠢᠨ ᠳᠤ ᠨᠡᠷᠪᠡᠭᠲᠡᠨ ᠦᠬᠦᠭᠰᠡᠨ ᠮᠠᠯ ᠤᠨ ᠬᠤᠤᠷ ᠬᠦᠨᠦᠭᠡᠯ ᠨᠢ ᠨᠡᠩ ᠶᠡᠭᠡ᠂ ᠬᠡᠪ ᠤᠨ ᠪᠠᠶᠢᠳᠠᠯ ᠢᠶᠠᠷ ᠦᠬᠦᠭᠰᠡᠨ ᠠᠮᠢᠲᠠᠨ ᠤ ᠪᠡᠶ᠎ᠡ ᠲᠡᠭᠡᠷᠡᠬᠢ ᠪᠠᠺᠲ᠋ᠧᠷᠢ ᠨᠢ ᠴᠦ ᠬᠦᠮᠦᠨ ᠤ ᠪᠡᠶ᠎ᠡ ᠳᠤ ᠬᠤᠤᠷᠲᠠᠢ ᠪᠠᠶᠢᠳᠠᠭ᠃ ᠡᠭᠦᠨ ᠠᠴᠠ ᠭᠠᠳᠠᠨ᠎ᠠ᠂ ᠦᠬᠦᠳᠡᠯ ᠢᠯᠵᠢᠷᠡᠭᠰᠡᠨ ᠤ ᠳᠠᠷᠠᠭ᠎ᠠ᠂ ᠡᠯ᠎ᠡ ᠲᠦᠷᠦᠯ ᠤᠨ ᠪᠠᠺᠲ᠋ᠧᠷᠢ ᠦᠷᠡᠵᠢᠳᠡᠭ᠂ ᠠᠮᠢᠲᠠᠨ ᠤ ᠦᠬᠦᠳᠡᠯ ᠢ ᠪᠣᠯᠠᠰᠢᠯᠠᠭᠰᠠᠨ ᠤ ᠳᠠᠷᠠᠭ᠎ᠠ᠂ ᠦᠬᠦᠳᠡᠯ ᠲᠤᠳᠤᠷᠠᠬᠢ ᠪᠠᠺᠲ᠋ᠧᠷᠢ ᠨᠢ ᠪᠠᠰᠠ ᠬᠦᠷᠦᠰᠦᠨ ᠲᠤᠳᠤᠷ᠎ᠠ ᠬᠡᠳᠦᠨ ᠵᠢᠯ ᠠᠮᠢᠳᠤᠷᠠᠨ᠂ ᠤᠷᠴᠢᠨ ᠲᠤᠭᠤᠷᠢᠨ ᠳᠤ ᠰᠦᠷᠳᠡᠭᠦᠯᠦᠯ ᠪᠣᠯᠵᠤ᠂ ᠢᠯᠡᠩᠭᠤᠶ᠎ᠠ ᠣᠰᠣᠨ ᠤ ᠡᠬᠢ ᠰᠤᠷᠪᠣᠯᠵᠢ ᠶᠢ ᠠᠮᠠᠷᠬᠠᠨ ᠪᠣᠬᠢᠷᠳᠤᠭᠤᠯᠳᠠᠭ᠃ ᠦᠬᠦᠭᠰᠡᠨ ᠮᠠᠯ ᠢᠶᠠᠨ ᠳᠤᠷ᠎ᠠ ᠪᠠᠷ ᠢᠶᠠᠨ ᠬᠠᠶᠠᠪᠠᠯ ᠡᠪᠡᠳᠴᠢᠨ ᠡᠮᠬᠡᠭ ᠢ ᠨᠡᠩ ᠠᠮᠠᠷᠬᠠᠨ ᠲᠠᠷᠬᠠᠭᠠᠵᠤ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠠᠮᠤᠷ ᠳᠦᠪᠰᠢᠨ ᠳᠤ ᠬᠤᠤᠷ ᠬᠦᠨᠦᠭᠡᠯ ᠣᠨᠴᠠᠷᠠᠭᠤᠯᠤᠨ᠎ᠠ᠃      ᠨᠢᠭᠡ᠂ ᠦᠬᠦᠭᠰᠡᠨ ᠮᠠᠯ ᠢ ᠣᠯᠵᠤ ᠮᠡᠳᠡᠪᠡᠯ ᠬᠡᠷᠬᠢᠨ ᠰᠢᠢᠳᠪᠦᠷᠢᠯᠡᠬᠦ ᠪᠣᠢ︖      ᠮᠠᠯ ᠰᠦᠷᠦᠭ ᠬᠡᠪ ᠤᠨ ᠪᠠᠶᠢᠳᠠᠯ ᠢᠶᠠᠷ ᠦᠬᠦᠭᠰᠡᠨ ᠪᠤᠶᠤ ᠪᠤᠰᠤᠳ ᠤᠨ ᠳᠤᠷ᠎ᠠ ᠪᠠᠷ ᠢᠶᠠᠨ ᠬᠠᠶᠠᠭᠰᠠᠨ ᠮᠠᠯ ᠢ ᠣᠯᠵᠤ ᠮᠡᠳᠡᠪᠡᠯ᠂ ᠮᠠᠯᠴᠢᠳ ᠳᠠᠷᠤᠶᠢᠬᠠᠨ ᠭᠠᠴᠠᠭᠠᠨ ᠤ ᠵᠦᠪᠯᠡᠯ ᠳᠤ ᠮᠡᠳᠡᠭᠦᠯᠵᠦ᠂ ᠭᠠᠴᠠᠭᠠᠨ ᠤ ᠵᠦᠪᠯᠡᠯ ᠢᠶᠠᠷ ᠬᠢᠨᠠᠨ ᠬᠠᠷᠭᠤᠭᠤᠯᠤᠭᠰᠠᠨ ᠤ ᠳᠠᠷᠠᠭ᠎ᠠ ᠰᠣᠮᠣᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠲᠦᠭᠡᠮᠡᠯᠵᠢᠭᠦᠯᠬᠦ ᠦᠢᠯᠡᠴᠢᠯᠡᠭᠡᠨ ᠤ ᠲᠥᠪ ᠲᠤ ᠮᠡᠳᠡᠭᠦᠯᠦᠨ᠂ ᠳᠤᠰᠬᠠᠢ ᠮᠡᠷᠭᠡᠵᠢᠯ ᠤᠨ ᠠᠵᠢᠯᠳᠠᠨ ᠤ ᠵᠢᠯᠤᠭᠤᠳᠤᠯᠭ᠎ᠠ ᠲᠤᠤᠷ᠎ᠠ ᠳᠤᠬᠢᠲᠠᠢ ᠭᠠᠵᠠᠷ ᠲᠤ ᠰᠢᠯᠵᠢᠬᠦᠯᠦᠨ ᠬᠤᠤᠷ ᠦᠭᠡᠶᠢᠵᠢᠭᠦᠯᠦᠨ ᠰᠢᠢᠳᠪᠦᠷᠢᠯᠡᠬᠦ ᠬᠡᠷᠡᠭᠲᠡᠢ᠃      ᠬᠡᠷᠪᠡ ᠮᠠᠯ ᠰᠦᠷᠦᠭ ᠨᠢ ᠭᠡᠨᠡᠳᠲᠡ ᠶᠢᠨ ᠴᠢᠨᠠᠷᠲᠠᠢ ᠬᠠᠯᠳᠠᠪᠤᠷᠢᠲᠤ ᠡᠪᠡᠳᠴᠢᠨ ᠠᠴᠠ ᠪᠣᠯᠣᠭᠰᠠᠨ ᠪᠦᠭᠡᠳ ᠶᠡᠭᠡ ᠬᠡᠪᠴᠢᠶ᠎ᠡ ᠪᠠᠷ ᠦᠬᠦᠭᠰᠡᠨ ᠪᠠᠶᠢᠪᠠᠯ᠂ ᠭᠠᠴᠠᠭᠠᠨ ᠤ ᠵᠦᠪᠯᠡᠯ ᠳᠠᠷᠤᠢ ᠲᠦᠷᠭᠡᠨ ᠰᠣᠮᠣᠨ ᠤ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠲᠦᠭᠡᠮᠡᠯᠵᠢᠬᠦᠯᠬᠦ ᠦᠢᠯᠡᠴᠢᠯᠡᠭᠡᠨ ᠤ ᠲᠥᠪ ᠲᠤ ᠮᠡᠳᠡᠭᠦᠯᠵᠦ᠂ ᠡᠪᠡᠳᠴᠢᠨ ᠤ ᠪᠠᠶᠢᠳᠠᠯ ᠢ ᠨᠢ ᠪᠠᠶᠢᠴᠠᠭᠠᠯᠭᠠᠵᠤ᠂ ᠱᠠᠲᠤ ᠳᠠᠷᠠᠭᠠᠯᠠᠨ ᠳᠡᠭᠡᠭᠰᠢ ᠮᠡᠳᠡᠭᠦᠯᠬᠦ ᠶᠢᠨ ᠬᠠᠮᠲᠤ ᠳᠤᠰᠬᠠᠢ ᠮᠡᠷᠭᠡᠵᠢᠯ ᠢᠶᠠᠷ ᠰᠢᠢᠳᠪᠦᠷᠢᠯᠡᠬᠦ ᠬᠡᠷᠡᠭᠲᠡᠢ᠃ ᠡᠪᠡᠳᠴᠢᠨ ᠢᠶᠠᠷ ᠦᠬᠦᠭᠰᠡᠨ ᠠᠮᠢᠲᠠᠨ ᠤ ᠦᠬᠦᠳᠡᠯ ᠢᠶᠠᠷ ᠭᠡᠷ ᠤᠨ ᠲᠡᠵᠢᠭᠡᠪᠦᠷᠢ ᠪᠠ ᠭᠡᠭᠡᠷ᠎ᠡ ᠶᠢᠨ ᠠᠮᠢᠲᠠᠨ ᠢ ᠲᠡᠵᠢᠭᠡᠵᠦ ᠪᠣᠯᠬᠤ ᠦᠭᠡᠢ᠃ᠬᠤᠶᠠᠷ᠂ ᠦᠬᠦᠭᠰᠡᠨ ᠮᠠᠯ ᠢᠶᠠᠨ ᠳᠤᠷ᠎ᠠ ᠪᠠᠷ ᠢᠶᠠᠨ ᠬᠠᠶᠠᠬᠤ ᠨᠢ ᠶᠠᠮᠠᠷ ᠬᠠᠤᠯᠢ ᠴᠠᠭᠠᠵᠠ ᠬᠠᠤᠯᠢ ᠲᠤᠭᠲᠠᠭᠠᠯ ᠢ ᠵᠦᠷᠢᠴᠡᠭᠰᠡᠨ ᠪᠣᠢ︖ ᠦᠷ᠎ᠡ ᠳ᠋ᠦᠩ ᠨᠢ ᠶᠠᠮᠠᠷ ᠪᠣᠢ︖      ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠢᠲᠠᠨ ᠤ ᠬᠢᠵᠢᠭ ᠢ ᠰᠡᠷᠭᠡᠶᠢᠯᠡᠬᠦ ᠬᠠᠤᠯᠢ︾ ᠶᠢᠨ ᠳᠠᠯᠠᠨ ᠲᠠᠪᠤᠳᠤᠭᠠᠷ ᠵᠦᠢᠯ ᠤᠨ ᠲᠤᠭᠲᠠᠭᠠᠯ ᠢ ᠦᠨᠳᠦᠰᠦᠯᠡᠪᠡᠯ᠂ ︽ᠬᠢᠵᠢᠭ ᠬᠠᠯᠳᠠᠪᠦᠷᠢᠯᠠᠭᠰᠠᠨ ᠠᠮᠢᠲᠠᠨ ᠵᠢᠴᠢ ᠲᠡᠭᠦᠨ ᠤ ᠢᠯᠭᠠᠳᠠᠰᠤ᠂ ᠬᠢᠵᠢᠭ ᠬᠠᠯᠳᠠᠪᠦᠷᠢᠯᠠᠭᠰᠠᠨ ᠠᠮᠢᠲᠠᠨ ᠤ ᠪᠦᠳᠦᠭᠡᠭᠳᠡᠭᠦᠨ᠂ ᠡᠪᠡᠳᠴᠢᠯᠡᠵᠦ ᠦᠬᠦᠭᠰᠡᠨ ᠪᠤᠶᠤ ᠦᠬᠦᠭᠰᠡᠨ ᠰᠢᠯᠲᠠᠭᠠᠨ ᠨᠢ ᠲᠤᠳᠤᠷᠬᠠᠢ ᠦᠭᠡᠢ ᠠᠮᠢᠲᠠᠨ ᠤ ᠦᠬᠦᠳᠡᠯ ᠢ ᠲᠦᠷᠦ ᠶᠢᠨ ᠶᠠᠪᠤᠳᠠᠯ ᠤᠨ ᠬᠤᠷᠢᠶᠠᠨ ᠤ ᠮᠠᠯ ᠡᠮᠨᠡᠯᠭᠡ ᠶᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠤᠨ ᠲᠤᠭᠲᠠᠭᠠᠯ ᠶᠤᠰᠤᠭᠠᠷ ᠰᠢᠢᠳᠪᠦᠷᠢᠯᠡᠭᠰᠡᠨ ᠦᠭᠡᠢ ᠪᠠᠶᠢᠪᠠᠯ᠂ ᠠᠮᠢᠲᠠᠨ ᠤ ᠡᠷᠡᠭᠦᠯ ᠬᠠᠮᠠᠭᠠᠯᠠᠯ ᠳᠤ ᠬᠢᠨᠠᠯᠲᠠ ᠲᠠᠯᠪᠢᠬᠤ ᠪᠠᠶᠢᠭᠤᠯᠤᠮᠵᠢ ᠠᠴᠠ ᠵᠠᠷᠯᠢᠭᠳᠠᠵᠤ ᠪᠠᠶᠢᠭᠠᠳ ᠬᠤᠤᠷ ᠦᠭᠡᠶᠢᠵᠢᠭᠦᠯᠦᠨ ᠰᠢᠢᠳᠪᠦᠷᠢᠯᠡᠭᠦᠯᠦᠨ᠎ᠡ᠂ ᠰᠢᠢᠳᠪᠦᠷᠢᠯᠡᠬᠦ ᠳᠤ ᠬᠡᠷᠡᠭᠰᠡᠬᠦ ᠵᠠᠷᠤᠳᠠᠯ ᠢ ᠬᠠᠤᠯᠢ ᠵᠦᠷᠢᠴᠡᠭᠰᠡᠨ ᠦᠢᠯᠡ ᠠᠵᠢᠯᠯᠠᠭᠠᠲᠤ ᠬᠦᠮᠦᠨ ᠡᠭᠦᠷᠭᠡᠯᠡᠨ᠎ᠡ᠂ ᠭᠤᠷᠪᠠᠨ ᠮᠢᠩᠭᠠᠨ ᠲᠦᠭᠦᠷᠢᠭ ᠠᠴᠠ ᠲᠤᠷᠤᠭᠰᠢ ᠵᠤᠭᠤᠰ ᠢᠶᠠᠷ ᠰᠢᠳᠭᠡᠵᠦ ᠪᠣᠯᠣᠨ᠎ᠠ︾᠃      ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠷᠡᠭᠦᠦ ᠶᠢᠨ ᠬᠠᠤᠯᠢ︾ ᠶᠢᠨ 337 ᠳ᠋ᠤᠭᠠᠷ ᠵᠦᠢᠯ ᠤᠨ ᠲᠤᠭᠲᠠᠭᠠᠯ ᠢ ᠦᠨᠳᠦᠰᠦᠯᠡᠪᠡᠯ᠂ ︽ᠠᠮᠢᠲᠠᠨ ᠣᠷᠭᠤᠮᠠᠯ ᠤᠨ ᠬᠢᠵᠢᠭ ᠢ ᠪᠠᠶᠢᠴᠠᠭᠠᠬᠤ ᠲᠤᠬᠠᠢ ᠤᠯᠤᠰ ᠤᠨ ᠬᠤᠯᠪᠤᠭᠳᠠᠯ ᠪᠦᠬᠦᠢ ᠲᠤᠭᠲᠠᠭᠠᠯ ᠢ ᠵᠦᠷᠢᠴᠡᠵᠦ᠂ ᠠᠮᠢᠲᠠᠨ ᠣᠷᠭᠤᠮᠠᠯ ᠤᠨ ᠬᠢᠵᠢᠭ ᠢ ᠰᠡᠷᠭᠡᠶᠢᠯᠡᠬᠦ᠂ ᠬᠢᠵᠢᠭ ᠢ ᠪᠠᠶᠢᠴᠠᠭᠠᠬᠤ ᠲᠤᠬᠠᠢ ᠤᠯᠤᠰ ᠤᠨ ᠬᠤᠯᠪᠤᠭᠳᠠᠯ ᠪᠦᠬᠦᠢ ᠲᠤᠭᠲᠠᠭᠠᠯ ᠢ ᠵᠦᠷᠢᠴᠡᠵᠦ᠂ ᠠᠮᠢᠲᠠᠨ ᠣᠷᠭᠤᠮᠠᠯ ᠤᠨ ᠬᠦᠨᠳᠦ ᠶᠡᠭᠡ ᠬᠢᠵᠢᠭ ᠤᠨ ᠪᠠᠶᠢᠳᠠᠯ ᠢ ᠡᠭᠦᠰᠭᠡᠭᠰᠡᠨ᠂ ᠡᠰᠡᠭᠦᠯ᠎ᠡ ᠠᠮᠢᠲᠠᠨ ᠣᠷᠭᠤᠮᠠᠯ ᠤᠨ ᠬᠦᠨᠳᠦ ᠶᠡᠭᠡ ᠬᠢᠵᠢᠭ ᠤᠨ ᠪᠠᠶᠢᠳᠠᠯ ᠢ ᠡᠭᠦᠰᠭᠡᠬᠦ ᠠᠶᠤᠯ ᠲᠠᠢ ᠪᠦᠭᠡᠳ ᠦᠢᠯᠡ ᠶᠠᠪᠤᠳᠠᠯ ᠨᠢ ᠬᠦᠨᠲᠦ ᠨᠤᠴᠢᠲᠠᠢ ᠪᠠᠶᠢᠪᠠᠯ ᠭᠤᠷᠪᠠᠨ ᠵᠢᠯ ᠠᠴᠠ ᠲᠤᠷᠤᠭᠰᠢ ᠬᠤᠭᠤᠴᠠᠭ᠎ᠠ ᠲᠠᠢ ᠬᠤᠷᠢᠬᠤ ᠪᠤᠶᠤ ᠬᠤᠷᠢᠵᠤ ᠬᠦᠳᠡᠯᠮᠦᠷᠢᠯᠡᠬᠦᠯᠬᠦ ᠪᠠᠷ ᠰᠢᠳᠭᠡᠵᠦ᠂ ᠵᠤᠭᠤᠰ ᠢᠶᠠᠷ ᠲᠤᠷᠭᠠᠨ᠎ᠠ᠃                            ᠨᠠᠷᠠᠨᠪᠣᠯᠠᠭ ᠰᠣᠮᠣᠨ ᠤ ᠵᠠᠰᠠᠭ ᠤᠨ ᠤᠷᠳᠤᠨ                           2025 ᠣᠨ ᠤ 2 ᠰᠠᠷ᠎ᠠ ᠶᠢᠨ 21 ᠤ ᠡᠳᠦᠷ
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号