ᠨᠠᠷᠠᠨᠪᠣᠯᠠᠭ ᠰᠣᠮᠣ ᠴᠠᠭᠠᠨ ᠰᠠᠷ᠎ᠠ ᠠᠴᠠ ᠳᠠᠷᠠᠭᠠᠬᠢ ᠤᠷᠴᠢᠨ ᠲᠤᠭᠤᠷᠢᠨ ᠤ ᠡᠷᠡᠭᠦᠯ ᠬᠠᠮᠠᠭᠠᠯᠠᠯ ᠤᠨ ᠶᠡᠭᠡ ᠴᠡᠭᠴᠡᠯᠡᠨ ᠵᠠᠰᠠᠯᠲᠠ ᠶᠢ ᠦᠷᠨᠢᠭᠦᠯᠪᠡ
ᠨᠡᠶᠢᠲᠡᠯᠡᠭᠰᠡᠨ ᠴᠠᠭ᠄
2025/2/27
     ᠣᠯᠠᠨ ᠲᠦᠮᠡᠨ ᠤ ᠰᠠᠭᠤᠭᠠᠯᠢ ᠤᠷᠴᠢᠨ ᠢ ᠨᠡᠩ ᠴᠡᠪᠡᠷ ᠴᠡᠮᠴᠡᠭᠡᠷ᠂ ᠠᠮᠢᠳᠤᠷᠠᠯ ᠢ ᠨᠡᠩ ᠳᠠᠭᠠᠯᠠᠮᠵᠢᠲᠠᠢ ᠪᠣᠯᠭᠠᠬᠤ ᠶᠢᠨ ᠲᠦᠯᠦᠭᠡ᠂ ᠨᠠᠷᠠᠨᠪᠣᠯᠠᠭ ᠰᠤᠮᠤ 2 ᠡᠳᠦᠷ ᠤᠨ ᠬᠤᠭᠤᠴᠠᠭ᠎ᠠ ᠲᠠᠢ ︽ᠴᠠᠭᠠᠨ ᠰᠠᠷ᠎ᠠ ᠠᠴᠠ ᠳᠠᠷᠠᠭᠠᠬᠢ ᠤᠷᠴᠢᠨ ᠲᠤᠭᠤᠷᠢᠨ ᠤ ᠡᠷᠡᠭᠦᠯ ᠬᠠᠮᠠᠭᠠᠯᠠᠯ ᠢ ᠶᠡᠬᠡᠪᠡᠷ ᠴᠡᠭᠴᠡᠯᠡᠨ ᠵᠠᠰᠠᠬᠤ︾ ᠳᠤᠰᠬᠠᠢ ᠠᠵᠢᠯᠯᠠᠭ᠎ᠠ ᠶᠢ ᠦᠷᠨᠢᠭᠦᠯᠵᠦ᠂ ᠰᠣᠮᠣᠨ ᠤ ᠵᠡᠭᠡᠯᠢ ᠭᠤᠳᠤᠮᠵᠢ᠂ ᠭᠤᠣᠯ ᠵᠠᠮ᠂ ᠦᠢᠯᠡᠳᠪᠦᠷᠢᠯᠡᠯ ᠠᠮᠢᠳᠤᠷᠠᠯ ᠤᠨ ᠬᠤᠭ ᠨᠤᠪᠰᠢ ᠶᠢ ᠭᠤᠤᠯᠳᠠᠯᠭ᠎ᠠ ᠲᠠᠢ ᠴᠡᠪᠡᠷᠯᠡᠭᠡᠳ ᠢᠯᠡᠳᠲᠡ ᠦᠷ᠎ᠡ ᠪᠦᠳᠦᠮᠵᠢ ᠤᠯᠤᠭᠰᠠᠨ ᠪᠠᠶᠢᠨ᠎ᠠ᠃      ᠨᠢᠭᠡ᠂ ᠭᠡᠷ ᠤᠷᠤᠨ ᠢᠶᠠᠨ ᠪᠦᠬᠦ ᠲᠠᠯ᠎ᠠ ᠪᠠᠷ ᠴᠡᠪᠡᠷᠯᠡᠨ ᠴᠡᠭᠴᠡᠯᠡᠪᠡ      ᠨᠠᠷᠠᠨᠪᠣᠯᠠᠭ ᠰᠣᠮᠣᠨ ᠤ ᠤᠳᠤᠷᠢᠳᠤᠯᠭ᠎ᠠ ᠺᠠᠳ᠋ᠷ ᠠᠴᠠ ᠲᠦᠷᠦᠭᠦᠯᠦᠨ 40 ᠭᠠᠷᠤᠢ ᠬᠦᠮᠦᠨ᠂ 1 ᠰᠠᠭᠤᠷᠢ ᠲᠤᠮᠤ ᠬᠡᠯᠪᠡᠷᠢ ᠶᠢᠨ ᠣᠳᠬᠤᠭᠤᠷ ᠮᠠᠰᠢᠨ᠂ 1 ᠰᠠᠭᠤᠷᠢ ᠬᠤᠭ ᠨᠣᠪᠰᠢ ᠴᠡᠪᠡᠷᠯᠡᠨ ᠵᠦᠭᠡᠭᠡᠪᠦᠷᠢᠡᠯᠬᠦ ᠲᠡᠷᠭᠡ ᠬᠦᠳᠡᠯᠭᠡᠨ ᠬᠠᠷᠢᠶ᠎ᠠ ᠲᠤᠭᠤᠷᠢᠭ ᠤᠨ ᠵᠡᠭᠡᠯᠢ ᠭᠤᠳᠤᠮᠵᠢ᠂ ᠭᠤᠣᠯ ᠵᠠᠮ ᠱᠣᠭᠤᠮ᠂ ᠠᠮᠢᠳᠤᠷᠠᠯ ᠤᠨ ᠤᠷᠴᠢᠨ ᠳᠤ 2 ᠡᠳᠦᠷ ᠤᠨ ᠬᠤᠭᠤᠴᠠᠭ᠎ᠠ ᠲᠠᠢ ᠴᠡᠪᠡᠷᠯᠡᠭᠡ ᠦᠷᠨᠢᠭᠦᠯᠵᠡᠢ᠃ ᠡᠯ᠎ᠡ ᠲᠦᠷᠦᠯ ᠤᠨ ᠬᠤᠭ ᠨᠣᠪᠰᠢ ᠶᠢ ᠨᠡᠶᠢᠲᠡ 5 ᠭᠠᠷᠤᠢ ᠲᠤᠨ ᠴᠡᠪᠡᠷᠯᠡᠨ ᠲᠡᠭᠡᠭᠡᠪᠦᠷᠢᠯᠡᠵᠦ᠂ ᠰᠣᠮᠣᠨ ᠤ ᠪᠠᠶᠢᠭ᠎ᠠ ᠭᠠᠵᠠᠷ ᠤᠨ ᠵᠡᠭᠡᠯᠢ ᠵᠠᠮ ᠤᠨ ᠲᠠᠭᠠᠤ ᠣᠪᠣᠭᠠᠯᠠᠲᠠᠢ ᠬᠤᠭ ᠨᠤᠪᠰᠢ ᠶᠢ ᠭᠤᠣᠯᠳᠠᠯᠭ᠎ᠠ ᠲᠠᠢ ᠴᠡᠭᠴᠡᠯᠡᠨ ᠴᠡᠪᠡᠷᠯᠡᠵᠦ᠂ ᠠᠮᠢᠳᠤᠷᠠᠯ ᠤᠨ ᠤᠷᠴᠢᠨ᠂ ᠭᠤᠣᠯ ᠵᠠᠮ ᠤᠨ ᠬᠠᠵᠠᠭᠤ ᠳᠠᠬᠢ ᠴᠠᠭᠠᠨ ᠤ ᠪᠣᠬᠢᠷᠳᠤᠯ ᠢ ᠲᠡᠭᠦᠨ ᠴᠡᠪᠡᠷᠯᠡᠵᠦ ᠵᠡᠭᠡᠯᠢ ᠭᠤᠳᠤᠮᠵᠢ ᠶᠢᠨ ᠲᠦᠷᠰᠦ ᠪᠠᠶᠢᠳᠠᠯ ᠢ ᠴᠤ᠋ ᠰᠢᠨ᠎ᠡ ᠪᠣᠯᠭᠠᠵᠤ᠂ ᠠᠮᠢᠳᠤᠷᠠᠯ ᠤᠨ ᠤᠷᠴᠢᠨ ᠲᠤᠭᠤᠷᠢᠨ ᠢ ᠴᠡᠪᠡᠷ ᠲᠡᠭᠰᠢ ᠪᠣᠯᠭᠠᠵᠠᠢ᠃      ᠬᠤᠶᠠᠷ᠂ ᠤᠷᠲᠤ ᠬᠤᠭᠤᠴᠠᠭᠠᠨ ᠤ ᠪᠦᠳᠦᠮᠵᠢᠲᠡᠢ ᠬᠠᠮᠢᠶᠠᠷᠤᠯᠲᠠ ᠶᠢᠨ ᠠᠷᠭ᠎ᠠ ᠠᠪᠤᠪᠠ      ᠨᠠᠷᠠᠨᠪᠤᠯᠠᠭ ᠰᠣᠮᠣᠨ ᠤ ᠨᠠᠮ ᠤᠨ ᠬᠤᠷᠢᠶ᠎ᠠ ᠵᠠᠰᠠᠭ ᠤᠨ ᠣᠷᠳᠤᠨ ᠮᠠᠯᠵᠢᠬᠤ ᠤᠷᠤᠨ ᠤ ᠠᠮᠢᠳᠤᠷᠠᠯ ᠤᠨ ᠬᠤᠭ ᠨᠤᠪᠰᠢ ᠶᠢ ᠰᠢᠢᠳᠪᠦᠷᠢᠯᠡᠬᠦ ᠠᠵᠢᠯ ᠢ ᠲᠡᠭᠡᠲᠦ ᠬᠡᠮᠵᠢᠶ᠎ᠡ ᠪᠠᠷ ᠴᠢᠬᠤᠯᠠᠴᠢᠯᠠᠵᠤ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠤᠨ ᠤ ᠠᠵᠢᠯ ᠤᠨ ᠪᠠᠶᠢᠷᠢᠯᠠᠭᠤᠯᠤᠯᠲᠠ ᠶᠢ ᠬᠢᠨᠠᠮᠠᠭᠠᠢ ᠨᠠᠶᠢᠳᠠᠪᠦᠷᠢᠵᠢᠭᠤᠯᠤᠨ᠂ ᠮᠠᠯᠵᠢᠬᠤ ᠤᠷᠤᠨ ᠤ ᠠᠮᠢᠳᠤᠷᠠᠯ ᠤᠨ ᠬᠤᠭ ᠨᠣᠪᠰᠢ ᠶᠢ ᠰᠢᠢᠳᠪᠦᠷᠢᠯᠡᠬᠦ ᠠᠵᠢᠯ ᠢ ᠡᠳᠦᠷ ᠲᠤᠳᠤᠮ ᠤᠨ ᠴᠢᠬᠤᠯᠠ ᠵᠦᠪᠯᠡᠬᠦ ᠵᠦᠢᠯ ᠳᠡᠭᠡᠨ  ᠤᠷᠤᠭᠤᠯᠵᠤ᠂ ᠵᠤᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠂ ᠬᠠᠷᠢᠭᠤᠴᠠᠯᠭ᠎ᠠ ᠡᠭᠦᠷᠭᠡ ᠪᠠᠨ ᠲᠤᠳᠤᠷᠬᠠᠶᠢᠯᠠᠵᠤ᠂ ᠮᠠᠯᠵᠢᠬᠤ ᠤᠷᠤᠨ ᠤ ᠬᠦᠮᠦᠰ ᠤᠨ ᠤᠷᠤᠰᠢᠨ ᠰᠠᠭᠤᠬᠤ ᠤᠷᠴᠢᠨ ᠲᠤᠭᠤᠷᠢᠨ ᠢ ᠴᠡᠭᠴᠡᠯᠡᠨ ᠵᠠᠰᠠᠬᠤ ᠶᠢ ᠤᠷᠳᠤ ᠬᠤᠭᠤᠴᠠᠭ᠎ᠠ ᠪᠠᠷ ᠪᠦᠳᠦᠮᠵᠢᠲᠡᠢ ᠪᠠᠶᠢᠬᠤ ᠶᠢ ᠦᠨᠡᠨᠬᠦ ᠪᠠᠲᠤᠯᠠᠵᠠᠢ᠃      ᠨᠢᠭᠡ ᠳᠤ᠂ ᠬᠤᠭ ᠨᠤᠪᠰᠢ ᠶᠢ ᠲᠦᠷᠦᠯ ᠵᠦᠢᠯ ᠬᠤᠪᠢᠶᠠᠬᠤ᠂ ᠤᠷᠴᠢᠨ ᠲᠤᠭᠤᠷᠢᠨ ᠢ ᠬᠠᠮᠠᠭᠠᠯᠠᠬᠤ ᠣᠬᠠᠭᠤᠯᠭ᠎ᠠ ᠶᠢ ᠴᠢᠩᠭᠠᠳᠬᠠᠵᠤ᠂ ︽ᠰᠦᠯᠵᠢᠶᠡᠨ ᠲᠡᠭᠡᠷᠡᠬᠢ ᠪᠠ ᠰᠦᠯᠵᠢᠶᠡᠨ ᠭᠠᠳᠠᠨᠠᠬᠢ︾ ᠪᠠᠷ ᠵᠡᠷᠭᠡᠪᠡᠷ ᠬᠦᠴᠦᠯᠡᠵᠦ᠂ ᠸᠢᠴᠠᠲ ᠤᠨ ᠣᠯᠠᠨ ᠨᠡᠶᠢᠲᠡ ᠶᠢᠨ ᠳᠠᠪᠴᠠᠩ᠂ ᠸᠢᠴᠠᠲ ᠤᠨ ᠬᠤᠯᠪᠤᠭ᠎ᠠ ᠪᠠ ᠮᠠᠯᠵᠢᠬᠤ ᠡᠷᠦᠬᠡ ᠳᠤ ᠭᠦᠨᠵᠡᠭᠡᠶᠢᠷᠡᠬᠦ ᠠᠷᠭ᠎ᠠ ᠮᠠᠶ᠋ᠢᠭ ᠢ ᠭᠦᠢᠴᠡᠳ ᠠᠰᠢᠭᠯᠠᠨ᠂ ᠮᠠᠯᠴᠢᠨ ᠲᠦᠮᠡᠨ ᠳᠤ ᠬᠤᠭ ᠨᠤᠪᠰᠢ ᠶᠢ ᠲᠦᠷᠦᠯ ᠬᠤᠪᠢᠶᠠᠬᠤ ᠮᠡᠳᠡᠯᠭᠡ ᠶᠢ ᠣᠬᠠᠭᠤᠯᠵᠠᠢ᠃ ᠬᠤᠶᠠᠷ ᠲᠤ᠂ ᠬᠤᠭ ᠨᠤᠪᠰᠢ ᠶᠢ ᠬᠤᠤᠷᠳᠠᠯ ᠦᠭᠡᠢ ᠢᠯᠴᠢ ᠢᠶᠠᠷ ᠵᠠᠳᠠᠷᠠᠭᠤᠯᠬᠤ ᠥᠷᠲᠡᠭᠡ ᠶᠢ ᠬᠤᠭ ᠨᠤᠪᠰᠢ ᠶᠢ ᠬᠤᠷᠢᠶᠠᠨ ᠲᠡᠭᠡᠭᠡᠪᠦᠷᠢᠯᠡᠵᠦ ᠰᠢᠢᠳᠪᠦᠷᠢᠯᠡᠬᠦ‍ ᠴᠢᠭ ᠪᠣᠯᠭᠠᠨ ᠲᠤᠭᠲᠠᠭᠠᠵᠤ᠂ ᠮᠠᠯᠴᠢᠳ ᠠᠮᠢᠳᠤᠷᠠᠯ ᠤᠨ ᠬᠤᠭ ᠨᠤᠪᠰᠢ ᠪᠠᠨ ᠬᠤᠤᠷᠳᠡᠯ ᠦᠭᠡᠢ ᠢᠯᠴᠢ ᠪᠠᠷ ᠵᠠᠳᠠᠷᠠᠭᠤᠯᠬᠤ ᠥᠷᠲᠡᠭᠡ ᠳᠤ ᠬᠦᠷᠭᠡᠵᠦ᠂ ᠴᠡᠪᠡᠷᠯᠡᠭᠴᠢ ᠬᠤᠭ ᠨᠤᠪᠰᠢ ᠶᠢ ᠲᠦᠪᠯᠡᠷᠡᠭᠦᠯᠦᠨ ᠲᠦᠷᠦᠯ ᠬᠤᠪᠢᠶᠠᠨ ᠰᠢᠢᠳᠪᠦᠷᠢᠯᠡᠬᠦ ᠶᠢᠨ ᠬᠠᠮᠲᠤ᠂ ᠡᠷᠬᠢᠨ ᠲᠤᠭᠤᠷᠢᠨ ᠤ ᠭᠠᠴᠠᠭ᠎ᠠ ᠶᠢ ᠳᠠᠶᠢᠴᠢᠯᠠᠨ ᠬᠤᠭ ᠨᠤᠪᠰᠢ ᠶᠢ ᠲᠦᠷᠦᠯ ᠬᠤᠪᠢᠶᠠᠨ ᠴᠤᠭᠯᠠᠭᠤᠯᠬᠤ ᠶᠢ ᠢᠳᠡᠪᠬᠢᠲᠡᠢ ᠶᠠᠪᠤᠭᠳᠠᠭᠤᠯᠵᠤ᠂ ᠪᠦᠬᠦ ᠰᠣᠮᠣᠨ ᠤ 9 ᠭᠠᠴᠠᠭ᠎ᠠ ᠶᠢᠨ ᠠᠮᠢᠳᠤᠷᠠᠯ ᠤᠨ ᠬᠤᠭ ᠨᠤᠪᠰᠢ ᠶᠢ ᠲᠦᠷᠦᠯ ᠬᠤᠪᠢᠶᠠᠨ ᠴᠤᠭᠯᠠᠭᠤᠯᠬᠤ ᠠᠵᠢᠯ ᠢ ᠨᠡᠶᠢᠳᠡᠮ ᠪᠦᠷᠬᠦᠭᠦᠯᠬᠦ ᠶᠢ ᠪᠡᠶᠡᠯᠡᠭᠦᠯᠪᠡ᠃ ᠭᠤᠷᠪᠠᠨ ᠳᠤ᠂ ᠨᠠᠷᠠᠨᠪᠤᠯᠠᠭ ᠰᠣᠮᠣᠨ ᠤ ︽ᠡᠳᠦᠷ ᠢᠶᠠᠷ ᠲᠤᠭᠤᠷᠢᠨ ᠪᠠᠶᠢᠴᠠᠭᠠᠬᠤ + ᠢᠯᠡᠴᠢᠯᠡᠬᠦ︾ ᠲᠤᠭᠲᠠᠴᠠ ᠶᠢ ᠪᠠᠶᠢᠭᠤᠯᠵᠤ᠂ ᠰᠣᠮᠣᠨ ᠤ ᠠᠵᠢᠯᠲᠠᠳ ᠡᠳᠦᠷ ᠪᠦᠷᠢ ᠬᠢᠨᠠᠨ ᠬᠡᠮᠵᠢᠬᠦ ᠲᠦᠬᠦᠭᠡᠷᠦᠮᠵᠢ ᠪᠠᠷ ᠠᠷᠢᠭᠤᠨ ᠴᠡᠪᠡᠷ ᠤᠨ ᠭᠤᠣᠯᠳᠠᠯᠭ᠎ᠠ ᠲᠠᠢ ᠭᠠᠵᠠᠷ ᠢ ᠲᠤᠭᠤᠷᠢᠨ ᠪᠠᠶᠢᠴᠠᠭᠠᠵᠤ᠂ ᠬᠤᠭ ᠨᠤᠪᠰᠢ ᠶᠢ ᠳᠤᠷ᠎ᠠ ᠪᠠᠷ ᠢᠶᠠᠨ ᠬᠠᠶᠠᠬᠤ ᠪᠤᠯᠪᠠᠰᠣᠨ ᠪᠤᠰᠤ ᠦᠢᠯᠡ ᠠᠵᠢᠯᠯᠠᠭ᠎ᠠ ᠶᠢ ᠤᠯᠵᠤ ᠮᠡᠳᠡᠪᠡᠯ᠂ ᠴᠠᠭ ᠲᠤᠬᠠᠢ ᠳᠤ ᠨᠢ ᠰᠡᠷᠡᠮᠵᠢᠯᠡᠭᠦᠯᠬᠦ ᠬᠦᠮᠦᠵᠢᠯ ᠬᠢᠨ᠎ᠡ᠂ ᠬᠡᠷᠪᠡ ᠦᠢᠯᠡ ᠠᠵᠢᠯᠯᠠᠭᠠᠲᠠᠨ ᠵᠠᠯᠠᠷᠠᠭᠤᠯᠬᠤ ᠶᠢ ᠲᠡᠪᠴᠢᠪᠡᠯ᠂ ᠸᠢᠴᠠᠲ ᠬᠤᠯᠪᠤᠭ᠎ᠠ ᠵᠡᠷᠭᠡ ᠳᠠᠪᠴᠠᠩ ᠢᠶᠠᠷ ᠳᠠᠮᠵᠢᠭᠤᠯᠤᠨ ᠴᠠᠭ ᠲᠤᠬᠠᠢ ᠳᠤ ᠨᠢ ᠢᠯᠡᠴᠢᠯᠡᠵᠦ᠂ ᠬᠤᠭ ᠨᠤᠪᠰᠢ ᠶᠢ ᠳᠤᠷ᠎ᠠ ᠪᠠᠷ ᠢᠶᠠᠨ ᠬᠠᠶᠠᠬᠤ ᠪᠤᠯᠪᠠᠰᠣᠨ ᠪᠤᠰᠤ ᠦᠢᠯᠡ ᠠᠵᠢᠯᠯᠠᠭ᠎ᠠ ᠶᠢᠨ ᠦᠷᠭᠦᠯᠵᠢ ᠡᠭᠦᠰᠬᠦ ᠶᠢ ᠲᠤᠶᠢᠯᠪᠦᠷᠢᠲᠠᠢ ᠳᠡᠪᠴᠢᠨ᠎ᠠ᠃ ᠲᠥᠷᠪᠡ ᠳᠤ᠂ ᠬᠠᠷᠢᠶ᠎ᠠ ᠤᠷᠤᠨ ᠤ ᠣᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠤᠨ ᠵᠠᠩ ᠳᠠᠳᠬᠠᠯ ᠪᠤᠯᠤᠨ ᠵᠢᠮ᠎ᠡ ᠶᠤᠰᠤ ᠶᠢ ᠭᠦᠢᠴᠡᠳ ᠪᠤᠳᠤᠯᠬᠢᠯᠠᠵᠤ᠂ ᠨᠠᠷᠠᠨᠪᠤᠯᠠᠭ ᠰᠣᠮᠣ ︽ᠠᠷᠠᠳ ᠲᠤ ᠦᠢᠯᠡᠴᠢᠯᠡᠬᠦ︾ ᠠᠵᠢᠯ ᠤᠨ ᠣᠶᠢᠯᠠᠭᠠᠭᠳᠠᠬᠤᠨ ᠢ ᠪᠠᠷᠢᠮᠲᠠᠯᠠᠵᠤ᠂ ᠲᠤᠬᠠᠢ ᠶᠢᠨ ᠭᠠᠵᠠᠷ ᠤᠨ ᠪᠠᠶᠢᠳᠠᠯ ᠳᠤ ᠪᠠᠨ ᠳᠤᠬᠢᠷᠠᠭᠤᠯᠤᠨ᠂ ᠰᠣᠮᠣᠨ ᠤ ᠰᠠᠭᠤᠭᠠᠯᠢ ᠠᠷᠠᠳ ᠤᠨ ᠠᠮᠢᠳᠤᠷᠠᠯ ᠤᠨ ᠬᠤᠭ ᠨᠤᠪᠰᠢ ᠶᠢ ᠴᠡᠪᠡᠷᠯᠡᠨ ᠲᠡᠭᠡᠭᠡᠪᠦᠷᠢᠯᠡᠬᠦ ᠲᠦᠰᠦᠯ ᠢ ᠲᠤᠭᠲᠠᠭᠠᠵᠤ᠂ ᠬᠤᠭ ᠨᠤᠪᠰᠢ ᠶᠢ ᠬᠤᠷᠢᠶᠠᠨ ᠲᠡᠭᠡᠭᠡᠪᠦᠷᠢᠯᠡᠬᠦ ᠲᠤᠰᠬᠠᠢ ᠬᠦᠮᠦᠨ᠂ ᠲᠤᠰᠬᠠᠢ ᠲᠡᠷᠭᠡ ᠳᠤᠬᠢᠷᠠᠭᠤᠯᠵᠤ᠂ ᠡᠳᠦᠷ ᠪᠦᠷᠢ ᠲᠤᠭᠲᠠᠭᠰᠠᠨ ᠵᠠᠮ ᠱᠣᠭᠤᠮ ᠢᠶᠠᠷ᠂ ᠲᠤᠭᠲᠠᠭᠰᠠᠨ ᠴᠠᠭ ᠲᠤ ᠰᠠᠭᠤᠭᠠᠯᠢ ᠠᠷᠠᠳ ᠤᠨ ᠭᠡᠷ ᠤᠨ ᠡᠭᠦᠳᠡᠨ ᠳᠤ ᠬᠦᠷᠴᠦ ᠠᠮᠢᠳᠤᠷᠠᠯ ᠤᠨ ᠬᠤᠭ ᠨᠤᠪᠰᠢ ᠶᠢ ᠰᠢᠯᠵᠢᠬᠦᠯᠦᠨ ᠵᠦᠭᠡᠭᠡᠪᠦᠷᠢᠯᠡᠬᠦ ᠶᠢ ᠬᠠᠪᠰᠤᠷᠤᠨ᠎ᠠ᠃      ᠭᠤᠷᠪᠠ᠂ ᠪᠢᠳᠡ ᠪᠦᠬᠦᠨ ᠭᠠᠷ ᠭᠠᠷ ᠢᠶᠠᠨ ᠬᠤᠯᠪᠣᠯᠴᠠᠨ ᠬᠠᠮᠲᠤ ᠪᠠᠷ ᠤᠷᠤᠯᠴᠠᠵᠠᠭᠠᠶ᠎ᠠ      ᠠᠳᠡ ᠦᠷᠭᠡᠨ ᠣᠯᠠᠨ ᠰᠠᠭᠤᠭᠠᠯᠢ ᠠᠷᠠᠳ᠂ ᠮᠠᠯᠴᠢᠨ ᠲᠦᠮᠡᠨ ᠢ ᠣᠷᠢᠶᠠᠯᠠᠬᠤ ᠨᠢ᠄      1.ᠡᠭᠦᠳᠡᠨ ᠡᠮᠦᠨᠡᠬᠢ ︽ᠭᠤᠷᠪᠠ ᠶᠢ ᠬᠠᠮᠢᠶᠠᠷᠬᠤ ᠦᠢᠯᠡᠴᠢᠯᠡᠭᠡ︾ ᠶᠢᠨ ᠤᠷᠤᠨ ᠪᠦᠰᠡ ᠪᠠᠨ ᠴᠠᠭ ᠲᠤᠬᠠᠢ ᠳᠤ ᠨᠢ ᠴᠡᠪᠡᠷᠯᠡᠨ᠎ᠡ᠃      2.ᠠᠮᠢᠳᠤᠷᠠᠯ ᠤᠨ ᠬᠤᠭ ᠨᠤᠪᠰᠢ ᠶᠢ ᠤᠭᠤᠳᠠᠨ ᠳᠤ ᠰᠠᠪᠠᠯᠠᠵᠤ ᠲᠤᠭᠲᠠᠭᠰᠠᠨ ᠬᠤᠭ ᠨᠤᠪᠰᠢ ᠬᠤᠷᠢᠶᠠᠨ ᠲᠡᠭᠡᠭᠡᠪᠦᠷᠢᠯᠡᠬᠦ‍ ᠴᠢᠭ ︵ᠬᠤᠭ ᠨᠤᠪᠰᠢ ᠶᠢ ᠬᠤᠣᠷᠳᠠᠯ ᠦᠭᠡᠢ ᠢᠯᠴᠢ ᠪᠠᠷ ᠵᠠᠳᠠᠷᠠᠭᠤᠯᠬᠤ ᠥᠷᠲᠡᠭᠡ︶ ᠪᠤᠶᠤ ᠬᠤᠭ ᠨᠤᠪᠰᠢ ᠬᠤᠷᠢᠶᠠᠨ ᠲᠡᠭᠡᠭᠡᠪᠦᠷᠢᠯᠡᠬᠦ ᠲᠡᠷᠭᠡᠨ ᠳᠤ ᠤᠷᠤᠭᠤᠯᠤᠨ᠎ᠠ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号