2 ᠰᠠᠷ᠎ᠠ ᠶᠢᠨ 24 ᠤ ᠤᠳᠷ᠂ ᠵᠠᠰᠠᠭ ᠤᠨ ᠣᠷᠳᠤᠨ ᠤ ᠬᠤᠰᠢᠭᠤ ᠲᠡᠳ᠋ ᠳᠠᠷᠤᠭ᠎ᠠ ᠭᠥᠸᠧ ᠴᠦᠨ ᠮᠧᠢ | ᠨᠠᠷ ᠮᠠᠨ ᠤ ᠰᠣᠮᠣᠨ ᠳᠤ ᠭᠦᠨᠵᠡᠭᠡᠶᠢᠷᠡᠨ ᠮᠠᠯᠵᠢᠬᠤ ᠤᠷᠤᠨ ᠤ ᠠᠮᠢᠳᠤᠷᠠᠯ ᠤᠨ ᠬᠤᠭ ᠨᠤᠪᠰᠢ ᠶᠢ ᠬᠤᠷᠢᠶᠠᠨ | ᠲᠡᠭᠡᠭᠡᠪᠦᠷᠢᠯᠡᠵᠦ ᠰᠢᠢᠳᠪᠦᠷᠢᠯᠡᠬᠦ ᠠᠵᠢᠯ ᠤᠨ ᠲᠤᠬᠠᠢ ᠪᠠᠶᠢᠴᠠᠭᠠᠨ ᠰᠣᠳᠣᠯᠣᠯᠲᠠ ᠬᠢᠵᠦ ᠵᠢᠭᠠᠨ ᠵᠢᠯᠤᠭᠤᠳᠴᠦ᠂ | ᠬᠤᠰᠢᠭᠤ ᠤᠷᠤᠨ ᠰᠠᠭᠤᠴᠠ ᠪᠠ ᠬᠤᠲᠠ ᠬᠦᠳᠡᠭᠡ ᠶᠢᠨ ᠪᠦᠳᠦᠭᠡᠨ ᠪᠠᠶᠢᠭᠤᠯᠤᠯᠲᠠ ᠶᠢᠨ ᠲᠤᠪᠴᠢᠶᠠᠨ ᠳᠠᠷᠤᠭ᠎ᠠ | ᠪᠣᠣ ᠶᠠ ᠹᠧᠢ᠂ ᠨᠠᠷᠠᠨᠪᠤᠯᠠᠭ ᠰᠣᠮᠣᠨ ᠤ ᠨᠠᠮ ᠤᠨ ᠬᠤᠷᠢᠶᠠᠨ ᠤ ᠱᠦᠵᠢ ᠪᠤᠯᠣᠳ ᠪᠠᠷ᠎ᠠ ᠪᠣᠯᠵᠤ ᠪᠠᠶᠢᠴᠠᠭᠠᠨ | ᠰᠣᠳᠤᠯᠤᠯᠲᠠ ᠬᠢᠪᠡ᠃ | ᠭᠥᠸᠧ ᠴᠦᠨ ᠮᠧᠢ ᠮᠠᠨ ᠤ ᠰᠣᠮᠣᠨ ᠤ ᠵᠡᠭᠡᠯᠢ ᠭᠤᠳᠤᠮᠵᠢ᠂ ᠵᠠᠮ ᠲᠠᠭᠠᠤ᠂ ᠮᠠᠯᠵᠢᠬᠤ ᠤᠷᠤᠨ ᠤ ᠪᠦᠬᠦᠯᠢ | ᠴᠤᠭᠴᠠ ᠶᠢᠨ ᠡᠷᠡᠭᠦᠯ ᠬᠠᠮᠠᠭᠠᠯᠠᠯ ᠤᠨ ᠪᠠᠶᠢᠳᠠᠯ᠂ ᠬᠤᠭ ᠨᠤᠪᠰᠢ ᠶᠢ ᠰᠢᠢᠳᠪᠦᠷᠢᠯᠡᠬᠦ ᠥᠷᠲᠡᠭᠡᠨ ᠤ ᠠᠵᠢᠯᠯᠠᠭᠠᠨ ᠤ | ᠪᠠᠶᠢᠳᠠᠯ ᠵᠡᠷᠭᠡ ᠲᠠᠯ᠎ᠠ ᠪᠠᠷ ᠲᠤᠬᠠᠢ ᠶᠢᠨ ᠭᠠᠵᠠᠷ ᠲᠤ ᠨᠢ ᠪᠠᠶᠢᠴᠠᠭᠠᠨ ᠰᠤᠳᠤᠯᠤᠯᠲᠠ ᠬᠢᠬᠦ ᠶᠢᠨ ᠬᠠᠮᠲᠤ ᠬᠠᠷᠢᠭᠤ | ᠮᠡᠳᠡᠭᠦᠯᠦᠯᠲᠡ ᠰᠣᠨᠣᠰᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠠᠮᠢᠳᠤᠷᠠᠯ ᠤᠨ ᠬᠤᠭ ᠨᠤᠪᠰᠢ ᠬᠠᠶᠠᠭᠳᠠᠮᠠᠯ | ᠪᠤᠳᠠᠰ ᠢ ᠪᠣᠬᠢᠷᠳᠤᠯ ᠦᠭᠡᠢ ᠪᠣᠯᠭᠠᠨ ᠰᠢᠢᠳᠪᠦᠷᠢᠯᠡᠬᠦ ᠥᠷᠲᠡᠭᠡᠨ ᠤ ᠠᠵᠢᠯᠯᠠᠭᠠᠨ ᠤ ᠪᠠᠶᠢᠳᠠᠯ ᠢ ᠨᠠᠷᠢᠨ ᠣᠶᠢᠯᠠᠭᠠᠵᠤ᠂ | ᠮᠠᠨ ᠤ ᠰᠣᠮᠣᠨ ᠤ ᠤᠷᠴᠢᠨ ᠲᠤᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠭᠰᠠᠨ ᠪᠠᠶᠢᠳᠠᠯ ᠪᠠ | ᠠᠮᠢᠳᠤᠷᠠᠯ ᠤᠨ ᠬᠤᠭ ᠨᠤᠪᠰᠢ ᠶᠢ ᠰᠢᠢᠳᠪᠦᠷᠢᠯᠡᠭᠰᠡᠨ ᠪᠠᠶᠢᠳᠠᠯ ᠢ ᠭᠦᠢᠴᠡᠳ ᠨᠣᠲᠠᠯᠠᠬᠤ ᠶᠢᠨ ᠬᠠᠮᠲᠤ ᠰᠣᠮᠣᠨ ᠤ | ᠳᠠᠷᠠᠭᠠᠴᠢ ᠶᠢᠨ ᠠᠯᠬᠤᠮ ᠤᠨ ᠠᠵᠢᠯ ᠳᠤ ᠲᠤᠳᠤᠷᠬᠠᠢ ᠱᠠᠭᠠᠷᠳᠠᠯᠭ᠎ᠠ ᠳᠤᠷᠠᠳᠪᠠ᠃ | ᠭᠥᠸᠧ ᠴᠦᠨ ᠮᠧᠢ ᠴᠢᠬᠤᠯᠠᠴᠢᠯᠠᠭᠰᠠᠨ ᠨᠢ᠂ ᠰᠣᠮᠣᠨ ᠤ ᠤᠷᠴᠢᠨ ᠲᠤᠭᠤᠷᠢᠨ ᠤ ᠡᠷᠡᠬᠦᠯ ᠬᠠᠮᠠᠭᠠᠯᠠᠯ ᠢ | ᠴᠡᠭᠴᠡᠯᠡᠨ ᠵᠠᠰᠠᠬᠤ ᠡᠷᠴᠢᠮ ᠢᠶᠠᠨ ᠦᠷᠭᠦᠯᠵᠢᠯᠡᠨ ᠴᠢᠩᠭᠠᠳᠬᠠᠨ᠂ ᠪᠦᠬᠦᠯᠢ ᠴᠤᠭᠴᠠ ᠶᠢᠨ ᠡᠷᠡᠭᠦᠯ ᠬᠠᠮᠠᠭᠠᠯᠠᠯ ᠤᠨ | ᠪᠠᠶᠢᠳᠠᠯ ᠢ ᠣᠯᠠᠮ ᠨᠢᠭᠡ ᠠᠯᠬᠤᠮ ᠳᠡᠭᠡᠭᠰᠢᠯᠡᠭᠦᠯᠵᠦ᠂ ᠰᠠᠭᠤᠷᠢ ᠲᠦᠬᠦᠭᠡᠷᠦᠮᠵᠢ ᠶᠢᠨ ᠲᠡᠰ ᠳᠡᠪᠰᠢᠬᠦ ᠶᠢ | ᠨᠢᠭᠡᠳᠦᠯᠲᠡᠢ ᠲᠦᠯᠦᠪᠯᠡᠨ ᠠᠬᠢᠭᠤᠯᠤᠨ᠂ ᠠᠮᠢᠳᠤᠷᠠᠯ ᠤᠨ ᠬᠤᠭ ᠨᠤᠪᠰᠢ ᠶᠢ ᠰᠢᠢᠳᠪᠦᠷᠢᠯᠡᠬᠦ ᠦᠷ᠎ᠡ ᠪᠦᠳᠦᠮᠵᠢ ᠶᠢ | ᠬᠦᠴᠦᠯᠡᠨ ᠳᠡᠭᠡᠭᠰᠢᠯᠡᠭᠦᠯᠵᠦ᠂ ᠲᠠᠯ᠎ᠠ ᠨᠣᠳᠤᠭ ᠮᠠᠯᠵᠢᠬᠤ ᠤᠷᠤᠨ ᠤ ᠠᠮᠢ ᠠᠬᠤᠢ ᠶᠢᠨ ᠤᠷᠴᠢᠨ ᠲᠤᠭᠤᠷᠢᠨ ᠢ | ᠬᠠᠮᠠᠭᠠᠯᠠᠨ᠂ ᠤᠷᠤᠰᠢᠨ ᠰᠠᠭᠤᠬᠤ ᠳᠤ ᠳᠤᠬᠢᠷᠠᠮᠵᠢᠲᠠᠢ ᠪᠠ ᠠᠵᠢᠯ ᠦᠢᠯᠡᠰ ᠡᠷᠬᠢᠯᠡᠬᠦ ᠳᠤ ᠳᠤᠬᠢᠷᠠᠮᠵᠢᠲᠠᠢ | ᠦᠵᠡᠰᠭᠦᠯᠡᠩᠲᠦ ᠰᠠᠶᠢᠬᠠᠨ ᠬᠦᠳᠡᠭᠡ ᠳᠤᠰᠬᠤᠨ ᠢ ᠪᠦᠳᠦᠭᠡᠨ ᠪᠠᠶᠢᠭᠤᠯᠵᠤ᠂ ᠬᠦᠳᠡᠭᠡ ᠳᠤᠰᠬᠤᠨ ᠢ ᠬᠦᠭᠵᠢᠬᠦᠯᠦᠨ | ᠮᠠᠨᠳᠤᠭᠤᠯᠬᠤ ᠦᠢᠯᠡᠰ ᠲᠤ ᠬᠦᠴᠦᠨ ᠨᠡᠮᠡᠷᠢᠯᠡᠬᠦ ᠬᠡᠷᠡᠭᠲᠡᠢ ᠭᠡᠪᠡ᠃ | ᠳᠠᠷᠠᠭᠠᠴᠢ ᠶᠢᠨ ᠠᠯᠬᠤᠮ ᠳᠤ᠂ ᠮᠠᠨ ᠤ ᠰᠣᠮᠣ ᠤᠷᠴᠢᠨ ᠲᠤᠭᠤᠷᠢᠨ ᠤ ᠠᠷᠢᠭᠤᠨ ᠴᠡᠪᠡᠷ ᠢ ᠴᠡᠭᠴᠡᠯᠡᠨ ᠵᠠᠰᠠᠬᠤ | ᠡᠷᠴᠢᠮ ᠢᠶᠠᠨ ᠦᠷᠭᠦᠯᠵᠢᠯᠡᠨ ᠴᠢᠩᠭᠠᠳᠬᠠᠨ᠂ ᠡᠯ᠎ᠡ ᠲᠦᠷᠦᠯ ᠤᠨ ᠤᠷᠴᠢᠨ ᠲᠤᠭᠤᠷᠢᠨ ᠤ ᠠᠷᠢᠭᠤᠨ ᠴᠡᠪᠡᠷ ᠢ | ᠬᠠᠮᠠᠭᠠᠯᠠᠬᠤ ᠣᠬᠠᠭᠤᠯᠭ᠎ᠠ ᠶᠢ ᠰᠠᠶᠢᠳᠤᠷ ᠬᠢᠵᠦ᠂ ᠠᠮᠢᠳᠤᠷᠠᠯ ᠤᠨ ᠬᠤᠭ ᠨᠣᠪᠰᠢ ᠶᠢ ᠰᠢᠢᠳᠪᠦᠷᠢᠯᠡᠬᠦ ᠦᠷ᠎ᠡ | ᠪᠦᠳᠦᠮᠵᠢ ᠶᠢ ᠦᠷᠭᠦᠯᠵᠢᠯᠡᠨ ᠳᠡᠭᠡᠭᠰᠢᠯᠡᠭᠦᠯᠦᠨ᠂ ᠰᠣᠮᠣᠨ ᠤ ᠲᠥᠷᠢ ᠲᠦᠷᠬᠦ ᠶᠢ ᠨᠡᠩ ᠦᠵᠡᠰᠭᠦᠯᠡᠩᠲᠦ ᠰᠠᠶᠢᠬᠠᠨ | ᠪᠣᠯᠭᠠᠬᠤ ᠪᠠᠷ ᠴᠢᠷᠮᠠᠶᠢᠨ᠎ᠠ᠃ |