ᠴᠠᠭᠠᠨᠨᠠᠭᠤᠷ ᠪᠠᠯᠭᠠᠰᠤ ᠣᠷᠴᠢᠨ ᠲᠣᠭᠤᠷᠢᠨ ᠤ ᠠᠷᠢᠭᠤᠨ ᠴᠡᠪᠡᠷ ᠢ ᠴᠡᠭᠴᠡᠯᠡᠨ ᠵᠠᠰᠠᠬᠤ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2025/2/27
     ᠵᠢᠯ ᠤᠨ ᠠᠵᠢᠯ ᠬᠠᠪᠤᠷ ᠲᠤ ᠪᠤᠢ᠂ ᠠᠵᠢᠯᠯᠠᠭ᠎ᠠ ᠶᠢ ᠨᠠᠶᠢᠳᠠᠪᠤᠷᠢᠵᠢᠭᠤᠯᠬᠤ ᠨᠢ ᠡᠷᠬᠢᠮ ᠳᠡᠭᠡᠳᠦ ᠶᠤᠮ᠃ ᠣᠷᠣᠰᠢᠨ ᠰᠠᠭᠤᠬᠤ ᠣᠷᠴᠢᠨ ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠬᠤ ᠶᠢ ᠪᠥᠬᠦ ᠲᠠᠯ᠎ᠠ ᠪᠠᠷ ᠠᠬᠢᠭᠤᠯᠵᠤ᠂ ᠴᠡᠪᠡᠷ ᠴᠡᠮᠴᠡᠭᠡᠷ᠂ ᠦᠵᠡᠰᠬᠦᠯᠡᠩᠲᠦ ᠰᠠᠶᠢᠬᠠᠨ ᠣᠷᠣᠰᠢᠨ ᠰᠠᠭᠤᠬᠤ ᠳᠤ ᠲᠣᠬᠢᠷᠠᠮᠵᠢᠲᠠᠶ ᠠᠮᠢᠳᠤᠷᠠᠯ ᠤᠨ ᠣᠷᠴᠢᠨ ᠲᠣᠭᠤᠷᠢᠨ ᠢ ᠪᠣᠶ ᠪᠣᠯᠭᠠᠬᠤ ᠶᠢᠨ ᠲᠥᠯᠥᠭᠡ᠂ ᠣᠶᠢᠷ᠎ᠠ ᠳᠤ᠂ ᠴᠠᠭᠠᠨᠨᠠᠭᠤᠷ ᠪᠠᠯᠭᠠᠰᠤ ᠣᠷᠴᠢᠨ ᠲᠣᠭᠤᠷᠢᠨ ᠤ ᠠᠷᠢᠭᠤᠨ ᠴᠡᠪᠡᠷ ᠢ ᠴᠡᠭᠴᠡᠯᠡᠨ ᠵᠠᠰᠠᠬᠤ ᠠᠵᠢᠯᠯᠠᠭ᠎ᠠ ᠶᠢ ᠢᠳᠡᠪᠬᠢᠲᠡᠶ ᠵᠣᠬᠢᠶᠠᠨ ᠪᠠᠶᠢᠭᠤᠯᠵᠤ ᠥᠷᠨᠢᠭᠦᠯᠪᠡ᠃      ᠲᠣᠰ ᠤᠳᠠᠭᠠᠨ ᠤ ᠣᠷᠴᠢᠨ ᠲᠣᠭᠤᠷᠢᠨ ᠤ ᠠᠷᠢᠭᠤᠨ ᠴᠡᠪᠡᠷ ᠢ ᠴᠡᠭᠴᠡᠯᠡᠨ ᠵᠠᠰᠠᠬᠤ ᠠᠵᠢᠯᠯᠠᠭ᠎ᠠ ᠳᠤ 1 ᠲᠣᠮᠣ ᠬᠡᠯᠪᠡᠷᠢ ᠶᠢᠨ ᠤᠳᠬᠤᠭᠤᠷ ᠲᠡᠷᠭᠡ᠂ 1 ᠬᠤᠭ ᠨᠣᠪᠰᠢ ᠶᠢ ᠴᠡᠪᠡᠷᠯᠡᠨ ᠲᠡᠭᠡᠭᠡᠪᠦᠷᠢᠯᠡᠬᠦ ᠲᠡᠷᠭᠡ ᠬᠥᠳᠡᠯᠭᠡᠵᠦ᠂ ᠰᠠᠭᠤᠭᠠᠯᠢ ᠠᠷᠠᠳ ᠤᠨ ᠠᠮᠢᠳᠤᠷᠠᠯ ᠤᠨ ᠣᠷᠣᠨ ᠪᠦᠰᠡ ᠵᠢᠴᠢ ᠭᠤᠤᠯ ᠵᠠᠮ ᠳᠠᠭᠠᠤ ᠶᠢᠨ ᠬᠤᠭ ᠰᠢᠷᠣᠶ᠂ ᠠᠮᠢᠳᠤᠷᠠᠯ ᠤᠨ ᠬᠤᠭ ᠨᠣᠪᠰᠢ᠂ ᠣᠳᠠᠭᠠᠨ ᠴᠠᠭ ᠬᠤᠭᠤᠴᠠᠭ᠎ᠠ ᠵᠤᠭᠰᠤᠭᠰᠠᠨ ᠲᠡᠷᠭᠡ ᠬᠦᠰᠭᠡ ᠳᠤ ᠭᠤᠤᠯᠳᠠᠯᠭ᠎ᠠ ᠲᠠᠢ ᠴᠢᠭᠯᠡᠭᠦᠯᠦᠨ ᠪᠥᠬᠦ ᠲᠠᠯ᠎ᠠ ᠪᠠᠷ ᠴᠡᠪᠡᠷᠯᠡᠬᠦ ᠶᠢ ᠥᠷᠨᠢᠭᠦᠯᠵᠦ᠂ ᠥᠨᠴᠥᠭ ᠪᠤᠯᠤᠩ ᠦᠯᠡᠳᠡᠭᠡᠬᠦ ᠥᠬᠡᠶ ᠪᠠᠶᠢᠬᠤ ᠪᠠᠷ ᠴᠢᠷᠮᠠᠶᠢᠵᠤ᠂ ᠡᠯ᠎ᠡ ᠲᠥᠷᠥᠯ ᠤᠨ ᠬᠤᠭ ᠨᠣᠪᠰᠢ ᠶᠢ ᠨᠡᠶᠢᠲᠡ 20 ᠲᠡᠷᠭᠡ ᠤᠳᠠᠭ᠎ᠠ ᠴᠡᠪᠡᠷᠯᠡᠨ ᠲᠡᠭᠡᠭᠡᠪᠦᠷᠢᠯᠡᠪᠡ᠃      ᠴᠠᠭᠠᠨᠨᠠᠭᠤᠷ ᠪᠠᠯᠭᠠᠰᠤ ᠶᠢᠨ ᠬᠢᠨ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠰᠠᠶᠢᠵᠢᠷᠠᠭᠤᠯᠬᠤ ᠶᠢ ᠢᠮᠠᠭᠲᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢᠨ ᠵᠠᠩᠭᠢᠯᠠᠭ᠎ᠠ ᠶᠢᠨ ᠠᠭᠤᠯᠭ᠎ᠠ ᠪᠣᠯᠭᠠᠵᠤ᠂ ᠦᠷᠭᠦᠯᠵᠢ ᠶᠢᠨ ᠴᠢᠨᠠᠷᠲᠠᠢ ᠠᠳᠬᠤᠵᠤ ᠪᠣᠢ᠃ ᠬᠠᠮᠢᠶ᠎ᠠ ᠪᠥᠬᠦᠶ ᠲᠣᠭᠲᠠᠴᠠ ᠶᠢ ᠤᠯᠠᠮ ᠨᠢᠭᠡ ᠠᠯᠬᠤᠮ ᠪᠦᠷᠢᠨᠰᠢᠭᠦᠯᠦᠨ ᠲᠡᠭᠦᠯᠳᠡᠷᠵᠢᠭᠦᠯᠵᠦ᠂ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠴᠢᠩᠭᠠᠷᠠᠭᠤᠯᠤᠨ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠪᠠ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠪᠣᠯᠪᠠᠰᠤᠨ ᠨᠤᠲᠤᠭ ᠤᠨ ᠵᠠᠩᠰᠢᠯ ᠢ ᠪᠤᠶᠢᠵᠢᠭᠤᠯᠬᠤ ᠶᠢ ᠣᠷᠭᠠᠨᠢᠭ ᠢᠶᠠᠷ ᠠᠭᠤᠰᠣᠯᠴᠠᠭᠤᠯᠤᠨ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠬᠠᠮᠲᠤ ᠪᠠᠷ ᠪᠥᠲᠥᠭᠡᠨ ᠪᠠᠶᠢᠭᠤᠯᠬᠤ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠬᠠᠮᠲᠤ ᠪᠠᠷ ᠵᠠᠰᠠᠬᠤ᠂ ᠰᠠᠶᠢᠨ ᠰᠠᠶᠢᠬᠠᠨ ᠠᠮᠢᠳᠤᠷᠠᠯ ᠢ ᠬᠠᠮᠲᠤ ᠪᠠᠷ ᠡᠳ᠋ᠯᠡᠬᠦ ᠶᠢ ᠨᠢᠭᠡ ᠴᠣᠭᠴᠠᠵᠢᠭᠤᠯᠤᠭᠰᠠᠨ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠰᠢᠨ᠎ᠡ ᠠᠷᠭ᠎ᠠ ᠵᠠᠮ ᠢ ᠬᠠᠶᠢᠨ ᠰᠦᠪᠡᠭᠴᠢᠯᠡᠵᠦ ᠪᠣᠢ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号