ᠴᠠᠭᠠᠨᠨᠠᠭᠤᠷ 2025 ᠣᠨ ᠤ ᠨᠠᠮ ᠤᠨ ᠬᠤᠷᠢᠶᠠᠨ ᠤ ᠴᠡᠷᠢᠭ ᠤᠨ ᠶᠠᠪᠤᠳᠠᠯ ᠢ ᠵᠥᠪᠯᠡᠬᠦ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/2/27
     ᠰᠢ ᠶᠢᠨ ᠫᠢᠩ ᠤᠨ ᠴᠡᠷᠢᠭ ᠢ ᠬᠦᠴᠦᠷᠬᠡᠭᠵᠢᠭᠦᠯᠬᠦ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠠᠵᠢᠯ ᠤᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠬᠤ ᠶᠢᠨ ᠲᠥᠯᠥᠭᠡ᠂ 2 ᠰᠠᠷ᠎ᠠ ᠶᠢᠨ 25 ᠤ ᠡᠳᠦᠷ᠂ ᠴᠠᠭᠠᠨᠨᠠᠭᠤᠷ ᠪᠠᠯᠭᠠᠰᠤ 2025 ᠣᠨ ᠤ ᠨᠠᠮ ᠤᠨ ᠬᠤᠷᠢᠶᠠᠨ ᠤ ᠴᠡᠷᠢᠭ ᠤᠨ ᠶᠠᠪᠤᠳᠠᠯ ᠢ ᠵᠥᠪᠯᠡᠬᠦ ᠠᠵᠢᠯ ᠤᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠪᠠᠯᠭᠠᠰᠤᠨ ᠤ ᠨᠠᠮ ᠤᠨ ᠬᠤᠷᠢᠶᠠᠨ ᠤ ᠭᠡᠰᠢᠭᠦᠨ᠂ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ᠂ ᠳᠡᠳ᠋ ᠪᠠᠯᠭᠠᠰᠤᠨ ᠳᠠᠷᠤᠭ᠎ᠠ ᠡᠷᠳᠡᠨᠢᠪᠠᠶᠠᠷ ᠬᠤᠷᠠᠯ ᠢ ᠡᠷᠭᠢᠯᠡᠵᠦ᠂ ᠪᠠᠯᠭᠠᠰᠤᠨ ᠤ ᠨᠠᠮ ᠵᠠᠰᠠᠭ ᠤᠨ ᠤᠳᠤᠷᠢᠳᠬᠤ ᠪᠠᠭ ᠬᠤᠷᠠᠯ ᠳᠤ ᠣᠷᠣᠯᠴᠠᠵᠠᠶ᠃      ᠬᠤᠷᠠᠯ ᠳᠡᠭᠡᠷ᠎ᠡ ᠳᠡᠭᠡᠳᠦ ᠱᠠᠲᠤᠨ ᠤ ᠬᠤᠷᠠᠯ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠮᠠᠨ ᠤ ᠪᠠᠯᠭᠠᠰᠤᠨ ᠤ 2024 ᠣᠨ ᠤ ᠵᠡᠪᠰᠡᠭᠲᠦ ᠬᠦᠴᠦᠨ ᠤ ᠠᠵᠢᠯ ᠢ ᠥᠷᠨᠢᠭᠦᠯᠦᠭᠰᠡᠨ ᠪᠠᠶᠢᠳᠠᠯ ᠢ ᠪᠥᠬᠦ ᠲᠠᠯ᠎ᠠ ᠪᠠᠷ ᠳ᠋ᠦᠩᠨᠡᠵᠦ᠂ ᠪᠠᠯᠭᠠᠰᠤᠨ ᠤ ᠵᠡᠪᠰᠡᠭᠲᠦ ᠬᠦᠴᠦᠨ ᠤ ᠠᠵᠢᠯ ᠤᠨ ᠰᠢᠢᠳᠪᠦᠷᠢᠯᠡᠬᠦ ᠴᠢᠬᠤᠯᠠᠲᠠᠶ ᠭᠤᠤᠯᠳᠠᠯᠭ᠎ᠠ ᠲᠠᠢ ᠵᠦᠢᠯᠡᠰ ᠢ ᠰᠤᠳᠤᠯᠤᠨ ᠶᠠᠷᠢᠯᠴᠠᠭᠰᠠᠨ ᠪᠥᠭᠡᠳ 2025 ᠣᠨ ᠤ ᠮᠠᠨ ᠤ ᠪᠠᠯᠭᠠᠰᠤᠨ ᠤ ᠵᠡᠪᠰᠡᠭᠲᠦ ᠬᠦᠴᠦᠨ ᠤ ᠠᠵᠢᠯ ᠤᠨ ᠬᠠᠷᠠᠯᠲᠠ ᠪᠠ ᠭᠤᠤᠯᠳᠠᠯᠭ᠎ᠠ ᠲᠠᠢ ᠡᠭᠦᠷᠭᠡ ᠶᠢ ᠠᠬᠢᠭᠤᠯᠬᠤ ᠲᠤᠬᠠᠶ ᠪᠠᠶᠢᠷᠢᠯᠠᠭᠤᠯᠤᠯᠲᠠ ᠪᠠ ᠲᠣᠬᠢᠷᠠᠭᠤᠯᠤᠯᠲᠠ ᠬᠢᠪᠠ᠃      ᠪᠠᠯᠭᠠᠰᠤᠨ ᠤ ᠨᠠᠮ ᠤᠨ ᠬᠤᠷᠢᠶᠠᠨ ᠤ ᠱᠦᠵᠢ᠂ ᠵᠡᠪᠰᠡᠭᠲᠦ ᠬᠦᠴᠦᠨ ᠤ ᠬᠡᠯᠲᠡᠰ ᠤᠨ ᠤᠯᠤᠰ ᠲᠥᠷᠥ ᠶᠢᠨ ᠵᠢᠭᠠᠨ ᠵᠢᠯᠣᠭᠤᠳᠤᠭᠴᠢ ᠳᠠᠶᠢᠴᠢᠨ᠂ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠠᠵᠢᠯ ᠤᠨ ᠨᠠᠶᠢᠳᠠᠪᠤᠷᠢᠵᠢᠭᠤᠯᠤᠯᠲᠠ ᠶᠢ ᠦᠨᠡᠨ ᠬᠦ ᠴᠢᠩᠭᠠᠳᠬᠠᠵᠤ᠂ ᠭᠤᠤᠯ ᠬᠠᠷᠢᠭᠤᠴᠠᠯᠭ᠎ᠠ ᠭᠤᠤᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠦᠨ ᠵᠡᠪᠰᠡᠭᠲᠦ ᠬᠦᠴᠦᠨ ᠤ ᠠᠵᠢᠯ ᠤᠨ ᠬᠢᠷᠢ ᠲᠦᠪᠰᠢᠨ ᠢ ᠳᠡᠭᠡᠭᠰᠢᠯᠡᠭᠦᠯᠵᠦ᠂ ᠡᠷᠦᠬᠡ ᠶᠢᠨ ᠴᠡᠷᠢᠭ ᠤᠨ ᠠᠵᠢᠯ ᠢ ᠴᠢᠬᠤᠯᠠᠴᠢᠯᠠᠨ᠂ ᠴᠡᠷᠢᠭ ᠡᠯᠰᠡᠬᠦ ᠠᠵᠢᠯ ᠤᠨ ᠪᠣᠳᠠᠲᠤ ᠦᠷ᠎ᠡ ᠪᠦᠲᠦᠮᠵᠢ ᠶᠢ ᠳᠣᠪᠤᠶᠢᠯᠭᠠᠵᠤ᠂ ᠲᠤᠰᠬᠠᠶ ᠮᠡᠷᠭᠡᠵᠢᠯ ᠤᠨ ᠺᠠᠳ᠋ᠷ᠂ ᠡᠷᠦᠬᠡ ᠶᠢᠨ ᠴᠡᠷᠢᠭ ᠤᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠵᠤ᠂ ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠬᠤ ᠶᠢ ᠠᠬᠢᠭᠤᠯᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠥᠲᠥᠭᠡᠨ ᠪᠠᠶᠢᠭᠤᠯᠤᠯᠲᠠ ᠬᠢᠭᠡᠳ ᠠᠵᠤ ᠠᠬᠤᠶ ᠨᠡᠶᠢᠭᠡᠮ ᠤᠨ ᠵᠣᠬᠢᠴᠠᠩᠭᠤᠶ ᠬᠥᠭᠵᠢᠯᠲᠡ ᠶᠢ ᠤᠯᠠᠮ ᠨᠢᠭᠡ ᠠᠯᠬᠤᠮ ᠪᠡᠶᠡᠯᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号