ᠴᠠᠭᠠᠨᠨᠠᠭᠤᠷ ᠬᠤᠪᠢ ᠶᠢᠨ ᠶᠠᠪᠤᠳᠠᠯ ᠢᠶᠠᠷ ᠤᠯᠤᠰ ︵ᠬᠢᠯᠢ︶ ᠠᠴᠠ ᠭᠠᠷᠬᠤ ᠲᠤᠰᠬᠠᠶ ᠰᠡᠳᠦᠪᠲᠦ ᠰᠤᠷᠤᠯᠴᠠᠯᠭ᠎ᠠ ᠵᠢᠴᠢ ᠰᠡᠷᠡᠮᠵᠢᠯᠡᠭᠦᠯᠬᠦ ᠬᠥᠮᠦᠵᠢᠯ ᠤᠨ ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/2/27
     ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ᠂ ᠺᠠᠳ᠋ᠷ ᠢ ᠴᠢᠩᠭ᠎ᠠ ᠬᠠᠮᠢᠶᠠᠷᠬᠤ ᠱᠠᠭᠠᠷᠳᠠᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠤᠪᠢ ᠶᠢᠨ ᠶᠠᠪᠤᠳᠠᠯ ᠢᠶᠠᠷ ᠤᠯᠤᠰ ︵ᠬᠢᠯᠢ︶ ᠠᠴᠠ ᠭᠠᠷᠬᠤ ᠬᠠᠮᠢᠶᠠᠷᠤᠯᠲᠠ ᠶᠢᠨ ᠠᠵᠢᠯ ᠢ ᠤᠯᠠᠮ ᠨᠢᠭᠡ ᠠᠯᠬᠤᠮ ᠵᠢᠷᠤᠮᠵᠢᠭᠤᠯᠬᠤ ᠶᠢᠨ ᠲᠥᠯᠥᠭᠡ᠂ 2 ᠰᠠᠷ᠎ᠠ ᠶᠢᠨ 25 ᠤ ᠡᠳᠦᠷ᠂ ᠠᠪᠠᠭ᠎ᠠ ᠬᠤᠰᠢᠭᠤᠨ ᠤ ᠴᠠᠭᠠᠨᠨᠠᠭᠤᠷ ᠪᠠᠯᠭᠠᠰᠤᠨ ᠤ ᠨᠠᠮ ᠤᠨ ᠬᠤᠷᠢᠶ᠎ᠠ ᠣᠨᠣᠯ ᠤᠨ ᠭᠤᠤᠯ ᠳᠤᠭᠤᠶᠢᠯᠠᠩ ᠤᠨ ᠰᠤᠷᠤᠯᠴᠠᠯᠭ᠎ᠠ ᠶᠢᠨ ᠬᠤᠷᠠᠯ ᠵᠢᠴᠢ ᠬᠤᠪᠢ ᠶᠢᠨ ᠶᠠᠪᠤᠳᠠᠯ ᠢᠶᠠᠷ ᠤᠯᠤᠰ ︵ᠬᠢᠯᠢ︶ ᠠᠴᠠ ᠭᠠᠷᠬᠤ ᠠᠰᠠᠭᠤᠳᠠᠯ ᠤᠨ ᠰᠡᠷᠡᠮᠵᠢᠯᠡᠭᠦᠯᠬᠦ ᠬᠥᠮᠦᠵᠢᠯ ᠤᠨ ᠬᠡᠷᠡᠭ ᠤᠨ ᠵᠢᠱᠢᠶ᠎ᠡ ᠶᠢ ᠲᠤᠰᠬᠠᠶ ᠰᠡᠳᠦᠪ ᠢᠶᠠᠷ ᠰᠤᠷᠤᠯᠴᠠᠪᠠ᠃ ᠬᠤᠷᠠᠯ ᠢ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ ᠰᠢᠨᠡᠬᠦᠦ ᠡᠷᠭᠢᠯᠡᠵᠦ᠂ ᠪᠠᠯᠭᠠᠰᠤᠨ ᠤ ᠨᠠᠮ ᠤᠨ ᠬᠤᠷᠢᠶᠠᠨ ᠤ ᠣᠨᠣᠯ ᠤᠨ ᠭᠤᠤᠯ ᠳᠤᠭᠤᠶᠢᠯᠠᠩ ᠤᠨ ᠰᠤᠷᠤᠯᠴᠠᠯᠭ᠎ᠠ ᠶᠢᠨ ᠪᠦᠷᠢᠯᠳᠦᠬᠦᠨ ᠬᠤᠷᠠᠯ ᠳᠤ ᠣᠷᠣᠯᠴᠠᠪᠠ᠃      ᠬᠤᠷᠠᠯ ᠳᠡᠭᠡᠷ᠎ᠡ᠂ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠭᠡᠰᠢᠭᠦᠨ ᠠᠴᠠ ︽ᠬᠤᠰᠢᠭᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠬᠤᠰᠢᠭᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ ᠬᠤᠰᠢᠭᠤ ᠤᠯᠤᠰ ᠤᠨ ᠠᠮᠤᠷ ᠲᠦᠪᠰᠢᠨ ᠤ ᠲᠣᠪᠴᠢᠶ᠎ᠠ᠂ ᠬᠤᠰᠢᠭᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠬᠤᠰᠢᠭᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ︿ᠠᠪᠠᠭ᠎ᠠ ᠬᠤᠰᠢᠭᠤᠨ ᠤ ᠤᠳᠤᠷᠢᠳᠬᠤ ᠺᠠᠳ᠋ᠷ ᠤᠨ ᠬᠤᠪᠢ ᠶᠢᠨ ᠶᠠᠪᠤᠳᠠᠯ ᠢᠶᠠᠷ ᠤᠯᠤᠰ ︵ᠬᠢᠯᠢ︶ ᠠᠴᠠ ᠭᠠᠷᠬᠤ ᠬᠤᠯᠪᠤᠭᠠᠯᠠᠨ ᠬᠥᠳᠡᠯᠦᠯᠴᠡᠬᠦ ᠲᠣᠭᠲᠠᠴᠠ﹀ ᠶᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ︾ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ︽ᠬᠤᠪᠢ ᠶᠢᠨ ᠶᠠᠪᠤᠳᠠᠯ ᠢᠶᠠᠷ ᠤᠯᠤᠰ ︵ᠬᠢᠯᠢ︶ ᠠᠴᠠ ᠭᠠᠷᠤᠭᠰᠠᠨ ᠠᠰᠠᠭᠤᠳᠠᠯ ᠤᠨ ᠰᠡᠷᠡᠮᠵᠢᠯᠡᠭᠦᠯᠬᠦ ᠬᠥᠮᠦᠵᠢᠯ ᠤᠨ ᠬᠡᠷᠡᠭ ᠤᠨ ᠵᠢᠱᠢᠶ᠎ᠡ︾ ᠵᠡᠷᠭᠡ ᠴᠢᠬᠤᠯᠠ ᠠᠭᠤᠯᠭ᠎ᠠ ᠶᠢ ᠳᠠᠭᠠᠭᠤᠯᠤᠨ ᠰᠤᠷᠤᠯᠴᠠᠵᠤ᠂ ᠨᠠᠮ ᠤᠨ ᠭᠡᠰᠢᠭᠦᠨ ᠺᠠᠳ᠋ᠷ ᠤᠨ ᠲᠣᠭᠲᠠᠭᠠᠯ ᠠᠴᠠ ᠵᠥᠷᠢᠴᠡᠨ ᠬᠤᠪᠢ ᠶᠢᠨ ᠶᠠᠪᠤᠳᠠᠯ ᠢᠶᠠᠷ ᠤᠯᠤᠰ ︵ᠬᠢᠯᠢ︶ ᠠᠴᠠ ᠭᠠᠷᠬᠤ ᠵᠡᠷᠭᠡ ᠨᠡᠶᠢᠲᠡᠯᠢᠭ ᠠᠰᠠᠭᠤᠳᠠᠯ ᠵᠢᠴᠢ ᠰᠢᠢᠳᠪᠦᠷᠢᠯᠡᠭᠰᠡᠨ ᠪᠠᠶᠢᠳᠠᠯ ᠤᠨ ᠰᠡᠷᠡᠮᠵᠢᠯᠡᠭᠦᠯᠬᠦ ᠬᠥᠮᠦᠵᠢᠯ ᠤᠨ ᠬᠡᠷᠡᠭ ᠤᠨ ᠵᠢᠱᠢᠶ᠎ᠡ ᠶᠢ ᠵᠠᠷᠯᠠᠨ ᠮᠡᠳᠡᠭᠳᠡᠵᠦ᠂ ᠤᠳᠤᠷᠢᠳᠬᠤ ᠺᠠᠳ᠋ᠷ ᠢ ᠬᠥᠮᠦᠵᠢᠭᠦᠯᠦᠨ ᠵᠢᠯᠣᠭᠤᠳᠴᠤ ᠬᠡᠷᠡᠭ ᠢᠶᠠᠷ ᠲᠣᠯᠢ ᠪᠣᠯᠭᠠᠵᠤ᠂ ᠬᠤᠪᠢ ᠶᠢᠨ ᠶᠠᠪᠤᠳᠠᠯ ᠢᠶᠠᠷ ᠭᠠᠳᠠᠭᠠᠳᠤ ᠳᠤ ᠭᠠᠷᠬᠤ ︵ᠬᠢᠯᠢ︶ ᠠᠴᠠ ᠭᠠᠷᠬᠤ ᠬᠠᠮᠢᠶ᠎ᠠ ᠪᠥᠬᠦᠶ ᠲᠣᠭᠲᠠᠭᠠᠯ ᠲᠦᠷᠢᠮ ᠢ ᠴᠢᠩᠭ᠎ᠠ ᠵᠢᠷᠤᠮᠯᠠᠬᠤ ᠶᠢ ᠱᠠᠭᠠᠷᠳᠠᠪᠠ᠃      ᠲᠤᠬᠠᠶ ᠶᠢᠨ ᠡᠳᠦᠷ᠂ ᠪᠠᠰᠠ ᠴᠠᠭᠠᠨᠨᠠᠭᠤᠷ ᠪᠠᠯᠭᠠᠰᠤᠨ ᠤ ᠬᠤᠪᠢ ᠶᠢᠨ ᠶᠠᠪᠤᠳᠠᠯ ᠢᠶᠠᠷ ᠤᠯᠤᠰ ︵ᠬᠢᠯᠢ︶ ᠠᠴᠠ ᠭᠠᠷᠬᠤ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠰᠤᠷᠤᠯᠴᠠᠯᠭ᠎ᠠ ᠶᠢᠨ ᠬᠤᠷᠠᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠪᠥᠬᠦ ᠠᠵᠢᠯᠲᠠᠨ ᠠᠵᠢᠯᠴᠢᠨ ᠬᠤᠷᠠᠯ ᠳᠤ ᠣᠷᠣᠯᠴᠠᠵᠠᠶ᠃ ᠬᠤᠷᠠᠯ ᠳᠡᠭᠡᠷ᠎ᠡ ᠪᠠᠶᠢᠭᠤᠯᠭ᠎ᠠ ᠨᠢᠭᠡᠴᠡ ᠶᠢᠨ ᠬᠤᠪᠢ ᠶᠢᠨ ᠶᠠᠪᠤᠳᠠᠯ ᠢᠶᠠᠷ ᠤᠯᠤᠰ ︵ᠬᠢᠯᠢ︶ ᠠᠴᠠ ᠭᠠᠷᠬᠤ ᠲᠤᠬᠠᠶᠢᠯᠠᠭᠰᠠᠨ ᠠᠵᠢᠯ ᠤᠨ ᠠᠵᠢᠯᠲᠠᠨ ᠠᠴᠠ ᠬᠤᠪᠢ ᠶᠢᠨ ᠶᠠᠪᠤᠳᠠᠯ ᠢᠶᠠᠷ ᠤᠯᠤᠰ ︵ᠬᠢᠯᠢ︶ ᠠᠴᠠ ᠭᠠᠷᠬᠤ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢᠨ ᠲᠣᠭᠲᠠᠭᠠᠯ᠂ ᠬᠠᠮᠢᠶᠠᠷᠤᠯᠲᠠ ᠶᠢᠨ ᠶᠠᠪᠤᠴᠠ ᠵᠢᠴᠢ ᠬᠠᠮᠢᠶ᠎ᠠ ᠪᠥᠬᠦᠶ ᠠᠩᠬᠠᠷᠬᠤ ᠵᠦᠢᠯᠡᠰ ᠢ ᠨᠠᠷᠢᠨ ᠲᠠᠶᠢᠯᠪᠤᠷᠢᠯᠠᠵᠤ᠂ ᠨᠠᠮ ᠤᠨ ᠭᠡᠰᠢᠭᠦᠨ ᠺᠠᠳ᠋ᠷ ᠤᠨ ᠲᠣᠭᠲᠠᠭᠠᠯ ᠠᠴᠠ ᠵᠥᠷᠢᠴᠡᠨ ᠬᠤᠪᠢ ᠶᠢᠨ ᠶᠠᠪᠤᠳᠠᠯ ᠢᠶᠠᠷ ᠤᠯᠤᠰ ︵ᠬᠢᠯᠢ︶ ᠠᠴᠠ ᠭᠠᠷᠤᠭᠰᠠᠨ ᠵᠡᠷᠭᠡ ᠨᠡᠶᠢᠲᠡᠯᠢᠭ ᠠᠰᠠᠭᠤᠳᠠᠯ ᠵᠢᠴᠢ ᠰᠢᠢᠳᠪᠦᠷᠢᠯᠡᠭᠰᠡᠨ ᠪᠠᠶᠢᠳᠠᠯ ᠤᠨ ᠰᠡᠷᠡᠮᠵᠢᠯᠡᠭᠦᠯᠬᠦ ᠬᠥᠮᠦᠵᠢᠯ ᠤᠨ ᠬᠡᠷᠡᠭ ᠤᠨ ᠵᠢᠱᠢᠶ᠎ᠡ ᠶᠢ ᠵᠠᠷᠯᠠᠨ ᠮᠡᠳᠡᠭᠳᠡᠪᠡ᠃      ᠬᠤᠷᠠᠯ ᠠᠴᠠ ᠱᠠᠭᠠᠷᠳᠠᠭᠰᠠᠨ ᠨᠢ᠂ ᠪᠦᠬᠦ ᠺᠠᠳ᠋ᠷ ᠠᠵᠢᠯᠲᠠᠨ ᠠᠵᠢᠯᠴᠢᠨ ᠡᠷᠬᠡᠪᠰᠢ ᠬᠤᠪᠢ ᠶᠢᠨ ᠶᠠᠪᠤᠳᠠᠯ ᠢᠶᠠᠷ ᠤᠯᠤᠰ ︵ᠬᠢᠯᠢ︶ ᠠᠴᠠ ᠭᠠᠷᠬᠤ ᠬᠠᠮᠢᠶᠠᠷᠤᠯᠲᠠ ᠶᠢᠨ ᠠᠵᠢᠯ ᠤᠨ ᠴᠢᠬᠤᠯᠠ ᠴᠢᠨᠠᠷ ᠪᠣᠯᠤᠨ ᠵᠠᠶᠢᠯᠠᠰᠢ ᠦᠭᠡᠢ ᠴᠢᠨᠠᠷ ᠢ ᠭᠦᠢᠴᠡᠳ ᠲᠠᠨᠢᠵᠤ᠂ ᠤᠯᠤᠰ ᠲᠥᠷᠥ ᠶᠢᠨ ᠬᠠᠷᠢᠭᠤᠴᠠᠯᠭᠠᠲᠤ ᠰᠡᠳᠬᠢᠯᠭᠡ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠨᠡᠶᠢᠲᠡᠯᠢᠭ ᠬᠡᠷᠡᠭ ᠤᠨ ᠵᠢᠱᠢᠶ᠎ᠡ ᠠᠴᠠ ᠰᠤᠷᠭᠠᠮᠵᠢ ᠠᠪᠴᠤ᠂ ᠴᠡᠭᠡᠷᠯᠡᠯ ᠪᠣᠯᠭᠠᠵᠤ᠂ ᠬᠤᠪᠢ ᠶᠢᠨ ᠶᠠᠪᠤᠳᠠᠯ ᠢᠶᠠᠷ ᠭᠠᠳᠠᠭᠠᠳᠤ ᠳᠤ ᠭᠠᠷᠬᠤ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠢ ᠴᠢᠩᠭ᠎ᠠ ᠵᠢᠷᠤᠮᠯᠠᠵᠤ᠂ ᠬᠤᠪᠢ ᠶᠢᠨ ᠶᠠᠪᠤᠳᠠᠯ ᠢᠶᠠᠷ ᠭᠠᠳᠠᠭᠠᠳᠤ ᠳᠤ ᠭᠠᠷᠬᠤ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠭᠠᠷᠬᠤ ᠶᠢ ᠡᠷᠡᠰ ᠬᠤᠷᠢᠭᠯᠠᠬᠤ ᠬᠡᠷᠡᠭᠲᠡᠶ᠃
 
ᠢᠷᠡᠯᠲᠡ᠄ ᠲᠤᠮᠳᠠᠳᠤ ᠤᠯᠤᠰ ᠤᠨ ᠮᠣᠩᠭᠤᠯ ᠰᠤᠨᠢᠨ ᠮᠡᠳᠡᠭᠡᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号