ᠬᠤᠩᠭᠤᠷᠭᠤᠤᠯ ᠪᠠᠯᠭᠠᠰᠤ ᠠᠮᠢᠳᠤᠷᠠᠯ ᠤᠨ ᠬᠠᠶᠠᠭᠳᠠᠮᠠᠯ ᠪᠣᠳᠠᠰ ᠢ ᠬᠤᠣᠷ ᠦᠭᠡᠶᠢᠵᠢᠭᠦᠯᠦᠨ ᠰᠢᠢᠳᠪᠦᠷᠢᠯᠡᠬᠦ ᠥᠷᠲᠡᠭᠡ ᠶᠢᠨ ᠠᠶᠤᠯᠭᠦᠢ ᠦᠢᠯᠡᠳᠪᠦᠷᠢᠯᠡᠯ ᠤᠨ ᠪᠠᠶᠢᠴᠠᠭᠠᠯᠲᠠ ᠶᠢᠨ ᠠᠵᠢᠯ ᠢ ᠥᠷᠨᠢᠭᠦᠯᠪᠡ
ᠨᠡᠶᠢᠲᠡᠯᠡᠭᠰᠡᠨ ᠴᠠᠭ᠄
2025/2/27
     ᠪᠥᠬᠦ ᠪᠠᠯᠭᠠᠰᠤᠨ ᠤ ᠬᠤᠭ ᠨᠣᠪᠰᠢ ᠶᠢ ᠰᠢᠢᠳᠪᠦᠷᠢᠯᠡᠬᠦ ᠠᠵᠢᠯ ᠤᠨ ᠤᠷᠤᠭᠰᠢᠲᠠᠶ ᠶᠠᠪᠤᠭᠳᠠᠬᠤ ᠶᠢ ᠦᠨᠡᠨ ᠬᠦ ᠪᠠᠲᠤᠯᠠᠬᠤ ᠶᠢᠨ ᠲᠥᠯᠥᠭᠡ᠂ 2 ᠰᠠᠷ᠎ᠠ ᠶᠢᠨ 18 ᠤ ᠡᠳᠦᠷ᠂ ᠬᠤᠩᠭᠤᠷᠭᠤᠤᠯ ᠪᠠᠯᠭᠠᠰᠤ ᠠᠮᠢᠳᠤᠷᠠᠯ ᠤᠨ ᠬᠠᠶᠠᠭᠳᠠᠮᠠᠯ ᠪᠣᠳᠠᠰ ᠢ ᠬᠤᠤᠷ ᠦᠭᠡᠶᠢᠵᠢᠬᠦᠯᠦᠨ ᠰᠢᠢᠳᠪᠦᠷᠢᠯᠡᠬᠦ ᠥᠷᠲᠡᠭᠡ ᠶᠢᠨ ᠠᠶᠤᠯᠭᠦᠶ ᠦᠶ᠋ᠯᠡᠳᠪᠦᠷᠢᠯᠡᠯ ᠤᠨ ᠪᠠᠶᠢᠴᠠᠭᠠᠯᠲᠠ ᠶᠢᠨ ᠠᠵᠢᠯ ᠥᠷᠨᠢᠭᠦᠯᠪᠡ᠃      ᠬᠤᠩᠭᠤᠷᠭᠤᠤᠯ ᠪᠠᠯᠭᠠᠰᠤᠨ ᠤ ᠠᠮᠢᠳᠤᠷᠠᠯ ᠤᠨ ᠬᠠᠶᠠᠭᠳᠠᠮᠠᠯ ᠪᠣᠳᠠᠰ ᠢ ᠬᠤᠣᠷ ᠦᠭᠡᠶᠢᠵᠢᠬᠦᠯᠦᠨ ᠢᠯᠴᠢ ᠪᠠᠷ ᠵᠠᠳᠠᠷᠠᠭᠤᠯᠬᠤ ᠥᠷᠲᠡᠭᠡ ᠶᠢ 2021 ᠣᠨ ᠤ 11 ᠰᠠᠷ᠎ᠠ ᠳᠤ ᠠᠰᠢᠭᠯᠠᠯᠲᠠ ᠳᠤ ᠣᠷᠣᠭᠤᠯᠵᠤ᠂ ᠶᠡᠷᠦᠩᠬᠡᠢ ᠲᠠᠯᠠᠪᠠᠶ ᠨᠢ 220 ᠭᠠᠷᠤᠢ ᠲᠡᠭᠰᠢ ᠳᠥᠷᠪᠡᠯᠵᠢᠨ ᠮᠧᠲᠷ ᠪᠠᠶᠢᠵᠤ᠂ ᠪᠦᠬᠦ ᠪᠠᠯᠭᠠᠰᠤᠨ ᠤ ᠬᠤᠭ ᠨᠣᠪᠰᠢ ᠶᠢ ᠬᠤᠣᠷ ᠦᠭᠡᠶᠢᠵᠢᠬᠦᠯᠦᠨ ᠰᠢᠢᠳᠪᠦᠷᠢᠯᠡᠬᠦ ᠪᠠ ᠬᠡᠮᠵᠢᠶ᠎ᠡ ᠶᠢ ᠪᠠᠭᠠᠰᠬᠠᠨ ᠰᠢᠢᠳᠪᠦᠷᠢᠯᠡᠬᠦ ᠡᠭᠦᠷᠭᠡ ᠶᠢ ᠡᠭᠦᠷᠭᠡᠯᠡᠵᠦ᠂ 2024 ᠣᠨ ᠳᠤ ᠪᠦᠬᠦ ᠵᠢᠯ ᠳᠤ 1100 ᠲᠣᠨ ᠬᠤᠭ ᠨᠣᠪᠰᠢ ᠶᠢ ᠰᠢᠢᠳᠪᠦᠷᠢᠯᠡᠵᠦ᠂ ᠥᠪᠡᠷ ᠤᠨ ᠦᠷᠳᠡᠭ ᠢᠶᠠᠷ ᠳᠣᠣᠷ᠎ᠠ ᠪᠠᠶᠢᠬᠤ ᠤᠷᠢᠲᠠᠯ ᠳᠣᠣᠷ᠎ᠠ᠂ ᠮᠠᠯᠵᠢᠬᠤ ᠣᠷᠣᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠰᠠᠶᠢᠵᠢᠷᠠᠭᠤᠯᠵᠤ᠂ ︽ᠥᠪᠡᠷ ᠤᠨ ᠦᠷᠳᠡᠭ ᠢ ᠪᠠᠭᠤᠷᠠᠭᠤᠯᠤᠨ ᠦᠷ᠎ᠡ ᠠᠰᠢᠭ ᠢ ᠨᠡᠮᠡᠭᠳᠡᠭᠦᠯᠵᠦ᠂ ᠡᠬᠢ ᠡᠭᠦᠰᠦᠯ ᠠᠴᠠ ᠨᠢ ᠬᠡᠮᠵᠢᠶ᠎ᠡ ᠶᠢ ᠨᠢ ᠪᠠᠭᠠᠰᠬᠠᠬᠤ︾ ᠬᠠᠷᠠᠯᠲᠠ ᠶᠢ ᠪᠡᠶᠡᠯᠡᠭᠦᠯᠪᠡ᠃      ᠪᠠᠶᠢᠴᠠᠭᠠᠯᠲᠠ ᠶᠢᠨ ᠬᠤᠭᠤᠴᠠᠭᠠᠨ ᠳᠤ᠂ ᠪᠠᠯᠭᠠᠰᠤᠨ ᠤ ᠳᠡᠳ᠋ ᠳᠠᠷᠤᠭ᠎ᠠ ᠨᠠᠷᠠᠨᠴᠣᠭᠲᠤ ᠬᠠᠯᠠᠭᠤᠨ ᠢ ᠠᠷᠢᠯᠭᠠᠵᠤ ᠬᠡᠮᠵᠢᠶ᠎ᠡ ᠶᠢ ᠪᠠᠭᠠᠰᠬᠠᠬᠤ ᠦᠷᠳᠡᠭᠡ‌ᠬᠤᠣᠷ ᠦᠭᠡᠶᠢᠵᠢᠬᠦᠯᠦᠨ ᠢᠯᠴᠢ ᠪᠠᠷ ᠵᠠᠳᠠᠷᠠᠭᠤᠯᠬᠤ ᠥᠷᠲᠡᠭᠡ ᠶᠢᠨ ᠡᠳᠦᠷ ᠳᠤᠳᠤᠮ ᠤᠨ ᠡᠵᠡᠩᠨᠡᠯᠲᠡ ᠶᠢᠨ ᠪᠠᠶᠢᠳᠠᠯ ᠢ ᠨᠠᠷᠢᠨ ᠠᠰᠠᠭᠤᠨ ᠯᠠᠪᠯᠠᠭᠰᠠᠨ ᠪᠥᠭᠡᠳ ᠠᠶᠤᠯᠭᠦᠢ ᠦᠢᠯᠡᠳᠪᠦᠷᠢᠯᠡᠯ ᠪᠣᠯ ᠬᠤᠣᠷ ᠦᠭᠡᠶᠢᠵᠢᠬᠦᠯᠦᠨ ᠢᠯᠴᠢ ᠪᠠᠷ ᠵᠠᠳᠠᠷᠠᠭᠤᠯᠬᠤ ᠥᠷᠲᠡᠭᠡ ᠶᠢᠨ ᠡᠵᠡᠩᠨᠡᠯᠲᠡ ᠶᠢᠨ ᠰᠠᠭᠤᠷᠢ ᠮᠥᠨ᠂ ᠠᠶᠤᠯᠭᠦᠢ ᠦᠢᠯᠡᠳᠪᠦᠷᠢᠯᠡᠯ ᠤᠨ ᠤᠬᠠᠮᠰᠠᠷ ᠢ ᠳᠡᠭᠡᠭᠰᠢᠯᠡᠭᠦᠯᠬᠦ ᠨᠢ ᠲᠥᠬᠦᠭᠡᠷᠦᠮᠵᠢ ᠶᠢᠨ ᠠᠵᠢᠯᠯᠠᠭᠠᠨ ᠤ ᠲᠦᠪᠰᠢᠨ ᠢ ᠳᠡᠭᠡᠭᠰᠢᠯᠡᠭᠦᠯᠬᠦ᠂ ᠤᠯᠠᠨ ᠨᠡᠶᠢᠲᠡ ᠶᠢᠨ ᠠᠮᠤᠷ ᠲᠦᠪᠰᠢᠨ ᠢ ᠪᠠᠲᠤᠯᠠᠬᠤ ᠳᠤ ᠲᠦᠢᠯ ᠤᠨ ᠴᠢᠬᠤᠯᠠ ᠶᠤᠮ᠃ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠴᠢᠩᠭ᠎ᠠ ᠬᠠᠮᠢᠶᠠᠷᠴᠤ᠂ ᠤᠳᠤ ᠪᠠᠶᠢᠭ᠎ᠠ ᠲᠥᠬᠦᠭᠡᠷᠦᠮᠵᠢ ᠶᠢ ᠵᠢᠷᠤᠮᠵᠢᠯ ᠲᠠᠢ ᠠᠵᠢᠯᠯᠠᠭᠤᠯᠵᠤ᠂ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠠᠵᠢᠯᠯᠠᠭᠠᠨ ᠤ ᠵᠠᠭᠪᠤᠷ ᠢ ᠰᠢᠯᠢᠳᠡᠭᠵᠢᠭᠦᠯᠵᠦ᠂ ᠬᠤᠣᠷ ᠦᠭᠡᠶᠢᠵᠢᠬᠦᠯᠦᠨ ᠢᠯᠴᠢ ᠪᠠᠷ ᠵᠠᠳᠠᠷᠠᠭᠤᠯᠬᠤ ᠥᠷᠲᠡᠭᠡ ᠶᠢᠨ ᠠᠮᠤᠷ ᠲᠦᠪᠰᠢᠨ᠂ ᠲᠣᠭᠲᠠᠭᠤᠨ ᠢᠶᠠᠷ ᠠᠵᠢᠯᠯᠠᠬᠤ ᠶᠢ ᠪᠠᠲᠤᠯᠠᠬᠤ ᠬᠡᠷᠡᠭᠲᠡᠢ᠃      ᠳᠠᠷᠠᠭᠠᠴᠢ ᠶᠢᠨ ᠠᠯᠬᠤᠮ ᠳᠤ᠂ ᠬᠤᠩᠭᠤᠷᠭᠤᠤᠯ ᠪᠠᠯᠭᠠᠰᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠤ ᠵᠠᠰᠠᠯᠲᠠ ᠶᠢ ᠦᠷᠭᠦᠯᠵᠢ ᠶᠢᠨ ᠴᠢᠨᠠᠷᠲᠠᠢ ᠦᠷᠨᠢᠭᠦᠯᠦᠨ᠂ ᠬᠤᠣᠷ ᠦᠭᠡᠶᠢᠵᠢᠬᠦᠯᠦᠨ ᠢᠯᠴᠢ ᠪᠠᠷ ᠵᠠᠳᠠᠷᠠᠭᠤᠯᠬᠤ ᠥᠷᠲᠡᠭᠡ ᠶᠢᠨ ᠠᠵᠢᠯᠯᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠲᠡᠭᠦᠨ ᠤ ᠬᠤᠣᠷ ᠦᠭᠡᠶᠢᠵᠢᠬᠦᠯᠦᠨ ᠰᠢᠢᠳᠪᠦᠷᠢᠯᠡᠬᠦ ᠴᠢᠳᠠᠪᠬᠢ ᠶᠢ ᠭᠦᠢᠴᠡᠳ ᠪᠠᠳᠠᠷᠠᠭᠤᠯᠵᠤ᠂ ᠮᠠᠯᠵᠢᠬᠤ ᠣᠷᠣᠨ ᠤ ᠠᠷᠢᠭᠤᠨ ᠴᠡᠪᠡᠷ ᠤᠨ ᠠᠵᠢᠯᠯᠠᠭ᠎ᠠ ᠶᠢ ᠪᠦᠬᠦ ᠬᠦᠴᠦᠨ ᠢᠶᠠᠷ ᠢᠶᠠᠨ ᠠᠬᠢᠭᠤᠯᠤᠨ᠂ ᠪᠦᠬᠦ ᠪᠠᠯᠭᠠᠰᠤᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠤ ᠶᠠᠰᠤ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠳᠤ ᠬᠦᠴᠦᠨ ᠨᠡᠮᠡᠷᠢᠯᠡᠨ᠎ᠡ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号