ᠬᠤᠩᠭᠤᠷᠭᠤᠤᠯ ᠪᠠᠯᠭᠠᠰᠤ 2025 ᠣᠨ ᠤ ᠨᠠᠮ ᠤᠨ ᠬᠤᠷᠢᠶᠠᠨ ᠤ ᠴᠡᠷᠢᠭ ᠤᠨ ᠶᠠᠪᠤᠳᠠᠯ ᠢ ᠵᠥᠪᠯᠡᠬᠦ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/2/27
     2 ᠰᠠᠷ᠎ᠠ ᠶᠢᠨ 18 ᠤ ᠡᠳᠦᠷ᠂ ᠬᠤᠩᠭᠤᠷᠭᠤᠣᠯ ᠪᠠᠯᠭᠠᠰᠤ 2025 ᠣᠨ ᠤ ᠨᠠᠮ ᠤᠨ ᠬᠤᠷᠢᠶᠠᠨ ᠤ ᠴᠡᠷᠢᠭ ᠤᠨ ᠶᠠᠪᠤᠳᠠᠯ ᠢ ᠵᠥᠪᠯᠡᠬᠦ ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠭᠤᠯᠪᠠ᠃ ᠪᠠᠯᠭᠠᠰᠤᠨ ᠤ ᠨᠠᠮ ᠤᠨ ᠬᠤᠷᠢᠶᠠᠨ ᠤ ᠱᠦᠵᠢ᠂ ᠵᠡᠪᠰᠡᠭᠲᠦ ᠬᠦᠴᠦᠨ ᠤ ᠬᠡᠯᠲᠡᠰ ᠤᠨ ᠤᠯᠤᠰ ᠲᠦᠷᠦ ᠶᠢᠨ ᠵᠢᠭᠠᠨ ᠵᠢᠯᠤᠭᠤᠳᠤᠬᠴᠢ ᠬᠤᠷᠠᠯ ᠢ ᠡᠷᠬᠢᠯᠡᠵᠦ᠂ ᠪᠠᠯᠭᠠᠰᠤᠨ ᠤ ᠨᠠᠮ ᠤᠨ ᠬᠤᠷᠢᠶᠠᠨ ᠤ ᠤᠳᠤᠷᠢᠳᠬᠤ ᠪᠠᠭ ᠤᠨ ᠪᠦᠷᠢᠯᠳᠦᠬᠦᠨ ᠬᠤᠷᠠᠯ ᠳᠤ ᠣᠷᠣᠯᠴᠠᠪᠠ᠃      ᠬᠤᠷᠠᠯ ᠠᠴᠠ᠂ ᠨᠢᠭᠡ ᠳᠤ᠂ ᠴᠡᠷᠢᠭ ᠡᠯᠰᠡᠬᠦ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ 2025 ᠣᠨ ᠤ ᠴᠡᠷᠢᠭ ᠡᠯᠰᠡᠬᠦ ᠪᠠ ᠬᠤᠶᠠᠷ ᠢ ᠬᠦᠷᠢᠶᠡᠯᠡᠬᠦ ᠠᠵᠢᠯ ᠢ ᠰᠠᠶᠢᠲᠤᠷ ᠬᠢᠬᠦ ᠬᠡᠷᠡᠭᠲᠡᠢ᠃ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠠᠵᠢᠯ ᠢ ᠴᠢᠩᠭ᠎ᠠ ᠠᠳᠬᠤᠵᠤ᠂ ᠳᠠᠯᠳᠠ ᠬᠦᠴᠦᠨ ᠢ ᠲᠣᠳᠣᠷᠬᠠᠶ ᠣᠶᠢᠯᠠᠭᠠᠵᠤ᠂ ᠪᠦᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠢ ᠴᠢᠩᠭᠠᠳᠬᠠᠵᠤ᠂ ᠴᠡᠷᠢᠭ ᠡᠯᠰᠡᠬᠦ ᠠᠵᠢᠯ ᠢ ᠥᠨᠳᠥᠷ ᠪᠦᠲᠦᠮᠵᠢᠲᠡᠶ ᠪᠠᠷ ᠠᠬᠢᠭᠤᠯᠬᠤ ᠬᠡᠷᠡᠭᠲᠡᠶ᠃ ᠬᠤᠶᠠᠷ ᠲᠤ᠂ ᠡᠭᠦᠷᠭᠡ ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠵᠦ᠂ ᠴᠡᠷᠢᠭ ᠢᠶᠠᠨ ᠬᠦᠷᠢᠶᠡᠯᠡᠨ ᠭᠡᠷ ᠪᠦᠯᠢ ᠶᠢ ᠨᠢ ᠬᠠᠷᠠᠭᠠᠯᠵᠠᠬᠤ ᠠᠵᠢᠯ ᠢ ᠪᠣᠳᠠᠲᠠᠢ ᠨᠠᠷᠢᠯᠢᠭ ᠬᠢᠵᠦ᠂ ᠴᠡᠷᠢᠭ ᠬᠥᠮᠦᠨ ᠴᠡᠷᠢᠭ ᠤᠨ ᠭᠡᠷ ᠪᠦᠯᠢ ᠶᠢᠨ ᠬᠠᠤᠯᠢ ᠶᠣᠰᠣᠨ ᠤ ᠡᠷᠬᠡ ᠠᠰᠢᠭ ᠢ ᠰᠠᠶᠢᠲᠤᠷ ᠬᠠᠮᠠᠭᠠᠯᠠᠵᠤ᠂ ᠴᠡᠷᠢᠭ ᠬᠥᠮᠦᠨ ᠴᠡᠷᠢᠭ ᠤᠨ ᠭᠡᠷ ᠪᠦᠯᠢ ᠶᠢᠨ ᠬᠦᠷᠲᠡᠮᠵᠢ ᠶᠢᠨ ᠲᠦᠷᠦᠭᠳᠡᠯ᠂ ᠢᠷᠠᠭᠤ ᠠᠯᠳᠠᠷ ᠤᠨ ᠲᠦᠷᠦᠭᠳᠡᠯ᠂ ᠵᠣᠯ ᠵᠢᠷᠭᠠᠯᠲᠤ ᠲᠦᠷᠦᠭᠳᠡᠯ ᠢ ᠦᠨᠡᠨ ᠬᠦ ᠳᠡᠭᠡᠭᠰᠢᠯᠡᠭᠦᠯᠬᠦ ᠬᠡᠷᠡᠭᠲᠡᠢ᠃ ᠭᠤᠷᠪᠠ ᠳᠤ᠂ ᠴᠡᠷᠢᠭ ᠠᠷᠠᠳ ᠤᠨ ᠰᠡᠳᠬᠢᠯ ᠢᠶᠠᠨ ᠨᠢᠭᠡᠳᠬᠡᠬᠦ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠨᠠᠢᠮᠠᠨ ᠰᠠᠷ᠎ᠠ ᠶᠢᠨ ᠨᠢᠭᠡᠨ ᠤ ᠴᠡᠷᠢᠭ ᠪᠠᠶᠢᠭᠤᠯᠤᠭᠳᠠᠭᠰᠠᠨ ᠪᠠᠶᠠᠷ ᠤᠨ ᠡᠳᠦᠷ᠂ ᠤᠯᠤᠰ ᠤᠨ ᠪᠠᠶᠠᠷ ᠵᠡᠷᠭᠡ ᠴᠢᠬᠤᠯᠠ ᠵᠠᠩᠭᠢᠯᠠᠭ᠎ᠠ ᠶᠢᠨ ᠴᠡᠭ ᠲᠤ ᠢᠳᠡᠪᠬᠢᠲᠡᠢ ᠠᠷᠭ᠎ᠠ ᠰᠦᠪᠡᠭᠴᠢᠯᠡᠵᠦ᠂ ᠰᠠᠭᠤᠭᠠᠯᠢ ᠠᠷᠠᠳ ᠤᠨ ᠤᠯᠤᠰ ᠢᠶᠠᠨ ᠬᠠᠶᠢᠷᠠᠯᠠᠵᠤ ᠴᠡᠷᠢᠭ ᠢᠶᠠᠨ ᠬᠦᠷᠢᠶᠡᠯᠡᠬᠦ ᠬᠠᠯᠠᠭᠤᠨ ᠰᠡᠳᠬᠢᠯᠭᠡ ᠶᠢ ᠬᠥᠭᠵᠢᠭᠡᠵᠦ᠂ ᠪᠦᠬᠦ ᠪᠠᠯᠭᠠᠰᠤ ᠪᠠᠷ ᠢᠶᠠᠨ ᠤᠯᠤᠰ ᠤᠨ ᠪᠠᠲᠤᠯᠠᠨ ᠬᠠᠮᠠᠭᠠᠯᠠᠯᠲᠠ ᠶᠢ ᠬᠠᠯᠠᠮᠵᠢᠯᠠᠬᠤ᠂ ᠤᠯᠤᠰ ᠤᠨ ᠪᠠᠲᠤᠯᠠᠨ ᠬᠠᠮᠠᠭᠠᠯᠠᠯᠲᠠ ᠶᠢ ᠳᠡᠮᠵᠢᠬᠦ᠂ ᠤᠯᠤᠰ ᠤᠨ ᠪᠠᠲᠤᠯᠠᠨ ᠬᠠᠮᠠᠭᠠᠯᠠᠯᠲᠠ ᠶᠢ ᠪᠠᠶᠢᠭᠤᠯᠬᠤ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ᠃      ᠬᠤᠷᠠᠯ ᠠᠴᠠ᠂ ᠤᠯᠤᠰ ᠲᠦᠷᠦ ᠶᠢᠨ ᠬᠠᠷᠢᠭᠤᠴᠠᠯᠭ᠎ᠠ ᠪᠠᠨ ᠴᠢᠩᠭᠠᠳᠬᠠᠬᠤ ᠬᠡᠷᠡᠭᠲᠡᠢ᠃ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠠᠵᠢᠯ ᠢ ᠡᠷᠡᠰ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢ ᠶᠢᠨ ᠫᠢᠩ ᠤᠨ ᠴᠡᠷᠢᠭ ᠢ ᠬᠦᠴᠦᠷᠬᠡᠭᠵᠢᠭᠦᠯᠬᠦ ᠦᠵᠡᠯ ᠰᠠᠨᠠᠭ᠎ᠠ ᠶᠢ ᠭᠦᠨᠵᠡᠭᠡᠶ ᠲᠤᠤᠱᠯᠠᠭᠤᠯᠵᠤ᠂ ᠰᠢ ᠶᠢᠨ ᠫᠢᠩ ᠤᠨ ᠴᠡᠷᠢᠭ ᠢ ᠬᠦᠴᠦᠷᠬᠡᠭᠵᠢᠭᠦᠯᠬᠦ ᠦᠵᠡᠯ ᠰᠠᠨᠠᠭ᠎ᠠ ᠶᠢ ᠦᠷᠭᠦᠯᠵᠢᠯᠡᠨ ᠪᠠᠯᠭᠠᠰᠤᠨ ᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠰᠤᠷᠤᠯᠴᠠᠬᠤ ᠠᠭᠤᠯᠭ᠎ᠠ ᠳᠤ ᠣᠷᠣᠭᠤᠯᠵᠤ᠂ ᠵᠡᠪᠰᠡᠭᠲᠦ ᠬᠦᠴᠦᠨ ᠤ ᠠᠵᠢᠯ ᠢ ᠡᠳᠦᠷ ᠲᠤᠲᠤᠮ ᠤᠨ ᠴᠢᠬᠤᠯᠠ ᠵᠥᠪᠯᠡᠬᠦ ᠵᠦᠢᠯ ᠳᠡᠭᠡᠨ ᠣᠷᠣᠭᠤᠯᠬᠤ ᠶᠢᠨ ᠬᠠᠮᠲᠤ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠠᠵᠢᠯ ᠢ ᠠᠵᠤ ᠠᠬᠤᠶ ᠨᠡᠶᠢᠭᠡᠮ ᠤᠨ ᠬᠥᠭᠵᠢᠯᠲᠡ ᠲᠠᠢ ᠵᠡᠷᠭᠡᠪᠡᠷ ᠲᠥᠯᠥᠪᠵᠢᠭᠦᠯᠵᠦ᠂ ᠵᠡᠷᠭᠡᠪᠡᠷ ᠨᠠᠶᠢᠳᠠᠪᠤᠷᠢᠵᠢᠭᠤᠯᠵᠤ᠂ ᠠᠵᠢᠯ ᠤᠨ ᠬᠠᠷᠢᠭᠤᠴᠠᠯᠭ᠎ᠠ ᠶᠢ ᠱᠠᠳᠤ ᠱᠠᠳᠤ ᠪᠠᠷ ᠴᠢᠩᠭ᠎ᠠ ᠪᠣᠳᠠᠲᠠᠶᠢᠵᠢᠭᠤᠯᠵᠤ᠂ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠠᠵᠢᠯ ᠤᠨ ᠡᠯ᠎ᠡ ᠵᠦᠢᠯ ᠤᠨ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠦᠨᠡᠨᠬᠦ ᠠᠬᠢᠭᠤᠯᠬᠤ ᠬᠡᠷᠡᠭᠲᠡᠢ᠃ ᠪᠠᠴᠢᠮ ᠪᠠᠶᠢᠳᠠᠯ ᠢ ᠠᠷᠭᠠᠴᠠᠭᠠᠬᠤ ᠴᠢᠳᠠᠪᠤᠷᠢ ᠪᠠᠨ ᠴᠢᠩᠭᠠᠳᠬᠠᠬᠤ ᠬᠡᠷᠡᠭᠲᠡᠢ᠃ ᠡᠷᠦᠬᠡ ᠶᠢᠨ ᠴᠡᠷᠢᠭ ᠤᠨ ᠡᠩᠨᠡᠭᠡ ᠶᠢᠨ ᠠᠶᠤᠯ ᠠᠴᠠ ᠠᠪᠤᠷᠠᠨ ᠲᠤᠰᠠᠯᠠᠬᠤ ᠴᠢᠳᠠᠪᠤᠷᠢ ᠶᠢ ᠦᠨᠡᠨᠬᠦ ᠳᠡᠭᠡᠭᠰᠢᠯᠡᠭᠦᠯᠵᠦ᠂ ︽ᠲᠤᠰᠠᠲᠠᠶ ᠤᠶᠠᠯᠳᠤᠭᠤᠯᠬᠤ︾ ᠵᠠᠷᠴᠢᠮ ᠶᠣᠰᠣᠭᠠᠷ᠂ ᠰᠢᠨ᠎ᠡ ᠴᠠᠭ ᠦᠶ᠎ᠡ ᠶᠢᠨ ᠡᠷᠦᠬᠡ ᠶᠢᠨ ᠴᠡᠷᠢᠭ ᠤᠨ ᠡᠩᠨᠡᠭᠡ ᠶᠢ ᠪᠠᠶᠢᠭᠤᠯᠤᠨ ᠬᠦᠴᠦᠷᠬᠡᠭᠵᠢᠭᠦᠯᠵᠦ᠂ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ᠂ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ ᠵᠡᠷᠭᠡ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠵᠣᠬᠢᠶᠠᠨ ᠪᠠᠶᠢᠭᠤᠯᠤᠨ ᠥᠷᠨᠢᠭᠦᠯᠬᠦ ᠪᠠᠷ ᠳᠠᠮᠵᠢᠭᠤᠯᠤᠨ᠂ ᠪᠣᠯᠪᠠᠰᠤᠷᠠᠯ ᠰᠠᠶᠢᠲᠠᠶ᠂ ᠲᠡᠶᠢᠨ ᠤ ᠦᠶ᠎ᠡ ᠳᠤ ᠬᠡᠷᠡᠭᠯᠡᠵᠦ ᠪᠣᠯᠬᠤ᠂ ᠬᠡᠷᠡᠭᠯᠡᠬᠦ ᠦᠶ᠎ᠡ ᠳᠤ ᠰᠤᠷᠤᠯᠴᠠᠵᠤ ᠪᠣᠯᠬᠤ ᠡᠷᠦᠬᠡ ᠶᠢᠨ ᠴᠡᠷᠢᠭ ᠤᠨ ᠡᠩᠨᠡᠭᠡ ᠶᠢ ᠪᠠᠶᠢᠭᠤᠯᠵᠤ᠂ ᠰᠢᠯᠢᠳᠡᠭ ᠡᠷᠦᠬᠡ ᠶᠢᠨ ᠴᠡᠷᠢᠭ ᠤᠨ ᠪᠠᠴᠢᠮ ᠪᠠᠶᠢᠳᠠᠯ ᠢ ᠠᠷᠭᠠᠴᠠᠬᠤ ᠴᠢᠳᠠᠪᠤᠷᠢ ᠶᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ᠃ ᠡᠭᠦᠨ ᠤ ᠬᠠᠮᠲᠤ ᠦᠨᠳᠦᠰᠦᠨ ᠱᠠᠲᠤᠨ ᠤ ᠵᠡᠪᠰᠡᠭᠲᠦ ᠬᠦᠴᠦᠨ ᠤ ᠬᠡᠯᠲᠡᠰ ᠤᠨ ᠥᠨᠳᠥᠷ ᠪᠠᠷᠢᠮᠵᠢᠶᠠᠲᠤ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ︽ᠭᠤᠷᠪᠠᠨ ᠲᠠᠰᠤᠭ ᠨᠢᠭᠡ ᠬᠥᠮᠥᠷᠭᠡ︾ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠦᠨᠳᠦᠰᠦᠨ ᠱᠠᠲᠤᠨ ᠤ ᠵᠡᠪᠰᠡᠭᠲᠦ ᠬᠦᠴᠦᠨ ᠤ ᠠᠵᠢᠯ ᠤᠨ ᠰᠠᠭᠤᠷᠢ ᠶᠢ ᠦᠨᠡᠨᠬᠦ ᠪᠠᠲᠤᠳᠬᠠᠬᠤ ᠬᠡᠷᠡᠭᠲᠡᠶ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号