ᠴᠡᠪᠡᠷ ᠴᠡᠮᠴᠡᠭᠡᠷ᠂ ᠲᠠᠭᠠᠯᠠᠮᠵᠢᠲᠠᠶ ᠠᠮᠢᠳᠤᠷᠠᠯ ᠤᠨ ᠣᠷᠴᠢᠨ ᠲᠣᠭᠤᠷᠢᠨ ᠢ ᠪᠣᠶ ᠪᠣᠯᠭᠠᠬᠤ ᠶᠢᠨ ᠲᠥᠯᠥᠭᠡ᠂ | ᠬᠤᠩᠭᠤᠷᠭᠤᠤᠯ ᠪᠠᠯᠭᠠᠰᠤᠨ ᠤ ᠣᠷᠴᠢᠨ ᠲᠣᠭᠤᠷᠢᠨ ᠤ ᠠᠷᠢᠭᠤᠨ ᠴᠡᠪᠡᠷ ᠢ ᠴᠡᠭᠴᠡᠯᠡᠨ ᠵᠠᠰᠠᠬᠤ ᠡᠷᠴᠢᠮ ᠢᠶᠠᠨ | ᠴᠢᠩᠭᠠᠷᠠᠭᠤᠯᠵᠤ᠂ 2 ᠰᠠᠷ᠎ᠠ ᠶᠢᠨ 21 ᠤ ᠡᠳᠦᠷ᠂ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠭᠦᠸᠧ | ᠴᠦᠨ ᠮᠧᠶ ᠨᠡᠷ ᠮᠠᠨ ᠤ ᠪᠠᠯᠭᠠᠰᠤᠨ ᠳᠤ ᠢᠷᠡᠵᠦ ᠣᠷᠴᠢᠨ ᠲᠣᠭᠤᠷᠢᠨ ᠤ ᠠᠷᠢᠭᠤᠨ ᠴᠡᠪᠡᠷ ᠢ ᠴᠡᠭᠴᠡᠯᠡᠨ ᠵᠠᠰᠠᠬᠤ | ᠠᠵᠢᠯ ᠢ ᠪᠠᠶᠢᠴᠠᠭᠠᠪᠠ᠃ | ᠪᠠᠶᠢᠴᠠᠭᠠᠯᠲᠠ ᠶᠢᠨ ᠭᠤᠤᠯᠳᠠᠯᠭ᠎ᠠ ᠨᠢ ᠪᠠᠯᠭᠠᠰᠤᠨ ᠤ ᠳᠣᠲᠣᠷᠠᠬᠢ ᠡᠯ᠎ᠡ ᠬᠤᠭ ᠨᠣᠪᠰᠢ ᠶᠢᠨ ᠴᠡᠭ᠂ ᠵᠠᠮ ᠤᠨ | ᠬᠤᠶᠠᠷ ᠲᠠᠯ᠎ᠠ᠂ ᠬᠡᠷ ᠤᠨ ᠡᠮᠦᠨ᠎ᠡ ᠬᠤᠶᠢᠨᠠᠬᠢ ᠡᠯ᠎ᠡ ᠪᠠᠶᠢᠷᠢᠨ ᠳᠤ ᠴᠢᠭᠯᠡᠭᠦᠯᠦᠨ ᠪᠥᠬᠦ ᠲᠠᠯ᠎ᠠ ᠶᠢᠨ ᠲᠣᠭᠤᠷᠢᠨ | ᠪᠠᠶᠢᠴᠠᠭᠠᠯᠲᠠ ᠬᠢᠨ᠎ᠠ᠃ ᠡᠭᠦᠨ ᠠᠴᠠ ᠭᠠᠳᠠᠨ᠎ᠠ᠂ ᠶᠠᠩ ᠳ᠋ᠦ᠋ ᠰᠦᠮ᠎ᠡ ᠶᠢᠨ ᠪᠠᠶᠢᠭ᠎ᠠ ᠭᠠᠵᠠᠷ ᠤᠨ ᠠᠮᠢᠳᠤᠷᠠᠯ ᠤᠨ | ᠬᠠᠶᠠᠭᠳᠠᠮᠠᠯ ᠪᠣᠳᠠᠰ ᠢ ᠬᠤᠣᠷ ᠦᠭᠡᠢ ᠪᠣᠯᠭᠠᠨ ᠰᠢᠢᠳᠪᠦᠷᠢᠯᠡᠬᠦ ᠥᠷᠲᠡᠭᠡ ᠶᠢᠨ ᠡᠳᠦᠷ ᠲᠤᠳᠤᠮ ᠤᠨ ᠠᠵᠢᠯᠯᠠᠭ᠎ᠠ᠂ | ᠬᠤᠭ ᠨᠣᠪᠰᠢ ᠶᠢ ᠲᠡᠭᠡᠭᠡᠪᠦᠷᠢᠯᠡᠬᠦ᠂ ᠬᠤᠣᠷ ᠦᠭᠡᠶᠢᠵᠢᠬᠦᠯᠦᠨ ᠰᠢᠢᠳᠪᠦᠷᠢᠯᠡᠬᠦ ᠠᠵᠢᠯ ᠢ ᠭᠤᠣᠯᠳᠠᠯᠭ᠎ᠠ ᠲᠠᠢ | ᠪᠠᠶᠢᠴᠠᠭᠠᠪᠠ᠃ | ᠭᠦᠸᠧ ᠳᠡᠳ᠋ ᠬᠤᠰᠢᠭᠤᠨ ᠳᠠᠷᠤᠭ᠎ᠠ ᠴᠢᠬᠤᠯᠠᠴᠢᠯᠠᠭᠰᠠᠨ ᠨᠢ᠂ ᠪᠥᠬᠦ ᠪᠠᠯᠭᠠᠰᠤᠨ ᠤ ᠣᠷᠴᠢᠨ ᠲᠣᠭᠤᠷᠢᠨ ᠤ | ᠡᠷᠡᠭᠦᠯ ᠬᠠᠮᠠᠭᠠᠯᠠᠯ ᠤᠨ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠪᠠᠯᠭᠠᠰᠤᠨ ᠤ ᠳᠣᠲᠣᠷᠠᠬᠢ ᠡᠯ᠎ᠡ ᠬᠤᠭ | ᠨᠣᠪᠰᠢ ᠶᠢᠨ ᠴᠡᠭ ᠵᠢᠴᠢ ᠵᠠᠮ ᠤᠨ ᠬᠤᠶᠠᠷ ᠲᠠᠯ᠎ᠠ ᠶᠢᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠪᠠᠶᠢᠴᠠᠭᠠᠬᠤ | ᠡᠷᠴᠢᠮ ᠢᠶᠠᠨ ᠴᠢᠩᠭᠠᠷᠠᠭᠤᠯᠵᠤ᠂ ᠬᠤᠭ ᠨᠣᠪᠰᠢ ᠲᠠᠯᠪᠢᠬᠤ ᠭᠠᠵᠠᠷ ᠢ ᠴᠠᠭ ᠲᠤᠬᠠᠶ ᠳᠤᠨᠢ ᠴᠡᠪᠡᠷᠯᠡᠨ | ᠲᠡᠭᠡᠭᠡᠪᠦᠷᠢᠯᠡᠵᠦ᠂ ᠡᠯ᠎ᠡ ᠲᠥᠷᠥᠯ ᠤᠨ ᠬᠠᠶᠠᠭᠳᠠᠮᠠᠯ ᠪᠣᠳᠠᠰ ᠢ ᠴᠠᠭ ᠲᠤᠬᠠᠶ ᠳᠤᠨᠢ ᠬᠡᠮᠵᠢᠶ᠎ᠡ ᠶᠢ ᠨᠢ ᠪᠠᠭᠠᠰᠬᠠᠨ | ᠢᠯᠴᠢ ᠵᠠᠳᠠᠯᠬᠤ ᠥᠷᠲᠡᠭᠡ ᠳᠤ ᠬᠦᠷᠭᠡᠵᠦ ᠬᠤᠤᠷ ᠥᠬᠡᠶᠢᠳᠡᠭᠦᠯᠦᠨ ᠰᠢᠶ᠋ᠳᠪᠦᠷᠢᠯᠡᠬᠦ ᠶᠢ ᠦᠨᠡᠨ ᠬᠦ ᠪᠠᠲᠤᠯᠠᠬᠤ | ᠬᠡᠷᠡᠭᠲᠡᠶ᠃ | ᠵᠠᠯᠭᠠᠭᠠᠳ᠂ ᠬᠤᠩᠭᠤᠷᠭᠤᠤᠯ ᠪᠠᠯᠭᠠᠰᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ | ᠴᠡᠭᠴᠡᠯᠡᠨ ᠵᠠᠰᠠᠬᠤ ᠶᠢ ᠦᠷᠭᠦᠯᠵᠢᠯᠡᠨ ᠠᠬᠢᠭᠤᠯᠵᠤ᠂ ᠲᠣᠭᠲᠠᠴᠠ ᠪᠠᠨ ᠲᠡᠭᠦᠯᠳᠡᠷᠵᠢᠭᠦᠯᠦᠨ᠂ ᠬᠠᠮᠢᠶᠠᠷᠤᠯᠲᠠ ᠪᠠᠨ | ᠴᠢᠩᠭᠠᠳᠬᠠᠵᠤ᠂ ᠴᠡᠭᠴᠡᠯᠡᠨ ᠵᠠᠰᠠᠬᠤ ᠠᠵᠢᠯ ᠢ ᠪᠣᠯᠪᠠᠰᠤᠨ ᠨᠤᠲᠤᠭ ᠤᠨ ᠰᠤᠷᠲᠠᠯ ᠢ ᠪᠤᠶᠢᠵᠢᠭᠤᠯᠬᠤ ᠲᠠᠢ | ᠤᠶᠠᠯᠳᠤᠭᠤᠯᠵᠤ᠂ ᠰᠠᠶᠢᠨ ᠰᠠᠶᠢᠬᠠᠨ ᠭᠡᠷ ᠣᠷᠣᠨ ᠢᠶᠠᠨ ᠬᠠᠮᠲᠤ ᠪᠠᠷ ᠴᠣᠭᠴᠠᠯᠠᠵᠤ᠂ ᠠᠷᠢᠭᠤᠨ ᠴᠡᠪᠡᠷ ᠠᠮᠢᠳᠤᠷᠠᠯ ᠢ | ᠬᠠᠮᠲᠤ ᠪᠠᠷ ᠡᠳ᠋ᠯᠡᠬᠦ ᠪᠣᠯᠤᠨ᠎ᠠ᠃ |