ᠪᠥᠬᠦ ᠬᠤᠰᠢᠭᠤᠨ ᠤ ᠥᠷᠭᠡᠨ ᠣᠯᠠᠨ ᠰᠠᠭᠤᠭᠠᠯᠢ ᠠᠷᠠᠳ ᠲᠤ᠄ | ᠬᠠᠪᠤᠷ ᠤᠨ ᠤᠯᠠᠷᠢᠯ ᠤᠨ ᠠᠭᠠᠷ ᠤᠨ ᠳᠤᠯᠠᠭᠠᠨ ᠤ ᠦᠷᠭᠦᠯᠵᠢᠯᠡᠨ ᠳᠡᠭᠡᠭᠰᠢᠯᠡᠬᠦ ᠶᠢ ᠳᠠᠭᠠᠯᠳᠤᠨ᠂ ᠮᠠᠨ ᠤ | ᠬᠤᠰᠢᠭᠤᠨ ᠤ ᠬᠠᠷᠠᠨᠠᠭᠤᠷ᠂ ᠴᠠᠭᠠᠨᠴᠢᠯᠠᠭᠤᠲᠤ ᠨᠠᠭᠤᠷ ︵ᠵᠡᠭᠦᠨ ᠨᠠᠭᠤᠷ︶ ᠤᠨ ᠮᠥᠰᠥᠨ ᠤ ᠵᠤᠵᠠᠭᠠᠨ᠂ | ᠳᠠᠭᠠᠭᠠᠴᠠ ᠶᠢᠨ ᠬᠡᠮᠵᠢᠶ᠎ᠡ ᠨᠢ ᠴᠠᠭ ᠠᠭᠤᠷ ᠤᠨ ᠨᠥᠯᠥᠭᠡ ᠠᠴᠠ ᠪᠣᠯᠵᠤ ᠢᠯᠡᠳᠲᠡ ᠪᠠᠭᠤᠷᠠᠵᠤ᠂ ᠮᠠᠰᠢ ᠣᠯᠠᠨ | ᠠᠮᠤᠷ ᠲᠦᠪᠰᠢᠨ ᠤ ᠳᠠᠯᠳᠠ ᠬᠡᠮ ᠣᠷᠣᠰᠢᠵᠤ ᠪᠠᠶᠢᠭ᠎ᠠ ᠪᠤᠯᠬᠤᠷ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ | ᠠᠮᠤᠷ ᠲᠦᠪᠰᠢᠨ ᠢ ᠪᠠᠲᠤᠯᠠᠵᠤ᠂ ᠮᠥᠰᠥ ᠴᠠᠰᠤᠨ ᠤ ᠠᠳᠡᠯ ᠭᠠᠷᠬᠤ ᠶᠢ ᠴᠢᠩᠭ᠎ᠠ ᠰᠡᠷᠭᠡᠶᠢᠯᠡᠬᠦ ᠶᠢᠨ ᠲᠤᠰᠠᠳᠠ᠂ | ᠡᠳᠦᠭᠡ ᠬᠠᠪᠤᠷ ᠤᠨ ᠤᠯᠠᠷᠢᠯ ᠤᠨ ᠪᠥᠬᠦ ᠬᠤᠰᠢᠭᠤᠨ ᠤ ᠨᠠᠭᠤᠷ᠂ ᠨᠠᠭᠤᠷ ᠤᠨ ᠮᠥᠰᠥᠨ ᠭᠠᠳᠠᠷᠭᠤ ᠶᠢᠨ ᠠᠮᠤᠷ | ᠲᠦᠪᠰᠢᠨ ᠤ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠬᠦ ᠲᠤᠬᠠᠶ ᠳᠣᠤᠷᠠᠬᠢ ᠮᠡᠲᠦ ᠵᠠᠷᠯᠠᠶ᠎ᠠ᠄ | ᠨᠢᠭᠡ᠂ ᠶᠠᠮᠠᠷᠪᠠ ᠨᠢᠭᠡᠴᠡ ᠪᠣᠯᠤᠨ ᠬᠤᠪᠢ ᠬᠥᠮᠦᠨ ᠮᠥᠰᠥᠨ ᠳᠡᠭᠡᠷ᠎ᠡ ᠨᠠᠭᠠᠳᠬᠤ᠂ ᠮᠥᠰᠥ ᠲᠡᠰᠢᠬᠦ᠂ ᠵᠢᠭᠠᠰᠤ | ᠠᠩᠨᠠᠬᠤ ᠵᠡᠷᠭᠡ ᠠᠵᠢᠯᠯᠠᠭ᠎ᠠ ᠬᠢᠬᠦ ᠶᠢ ᠡᠷᠡᠰ ᠬᠤᠷᠢᠭᠯᠠᠨ᠎ᠠ᠃ | ᠬᠤᠶᠠᠷ᠂ ᠶᠠᠮᠠᠷᠪᠠ ᠨᠢᠬᠡᠴᠠ ᠪᠠ ᠬᠤᠪᠢ ᠬᠥᠮᠦᠨ ᠮᠥᠰᠥᠨ ᠭᠠᠳᠠᠷᠭᠤ ᠠᠴᠠ ᠮᠥᠰᠥ ᠠᠪᠬᠤ᠂ ᠮᠥᠰᠥ | ᠬᠠᠭᠠᠯᠬᠤ᠂ ᠥᠷᠥᠮᠳᠡᠬᠦ ᠵᠡᠷᠭᠡ ᠠᠶᠤᠯᠲᠠᠶ ᠠᠵᠢᠯᠯᠠᠭ᠎ᠠ ᠬᠢᠬᠦ ᠶᠢ ᠴᠠᠭᠠᠵᠠᠯᠠᠨ᠎ᠠ᠃ | ᠭᠤᠷᠪᠠ᠂ ᠶᠠᠮᠠᠷᠪᠠ ᠲᠡᠷᠭᠡ ᠬᠦᠰᠬᠡ ᠮᠦᠰᠦᠨ ᠳᠡᠭᠡᠷ᠎ᠡ ᠨᠡᠪᠲᠡᠷᠡᠬᠦ ᠶᠢ ᠴᠠᠭᠠᠵᠠᠯᠠᠨ᠎ᠠ᠃ | ᠳᠥᠷᠪᠡ᠂ ᠭᠡᠷ ᠤᠨ ᠠᠬᠠᠮᠠᠳ ᠬᠢᠨᠠᠨ ᠬᠠᠮᠠᠭᠠᠯᠠᠬᠤ ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠵᠦ᠂ | ᠨᠠᠰᠤᠨ ᠳᠤ ᠥᠯᠥ ᠭᠦᠷᠦᠭᠰᠡᠳ ᠢ ᠮᠥᠰᠥᠨ ᠳᠡᠭᠡᠷ᠎ᠡ ᠨᠠᠭᠠᠳᠴᠤ ᠲᠣᠭᠯᠠᠬᠤ ᠠᠴᠠ ᠬᠢᠴᠢᠶᠠᠵᠤ᠂ ᠰᠠᠨᠠᠭᠠᠨ ᠳᠤ | ᠦᠭᠡᠢ ᠠᠳᠡᠯ ᠡᠭᠦᠰᠬᠦ ᠶᠢ ᠰᠡᠷᠭᠡᠶᠢᠯᠡᠬᠦ ᠬᠡᠷᠡᠭᠲᠡᠶ᠃ | ᠥᠷᠭᠡᠨ ᠣᠯᠠᠨ ᠰᠠᠭᠤᠭᠠᠯᠢ ᠠᠷᠠᠳ ᠨᠠᠭᠤᠷ ᠤᠨ ᠤᠷᠴᠢᠨ ᠤ ᠠᠮᠤᠷ ᠲᠦᠪᠰᠢᠨ ᠤ ᠬᠠᠮᠢᠶᠠᠷᠤᠯᠲᠠ ᠶᠢᠨ | ᠠᠵᠢᠯ ᠳᠤ ᠢᠳᠡᠪᠬᠢᠲᠡᠶ ᠬᠠᠮᠵᠢᠯᠴᠠᠵᠤ᠂ ᠬᠤᠰᠢᠭᠤ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ ᠬᠠᠮᠲᠤᠷᠠᠨ | ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠲᠠᠢ ᠬᠠᠮᠲᠤᠷᠠᠨ ᠲᠣᠭᠲᠠᠮᠠᠯ ᠪᠤᠰᠤ ᠬᠤᠭᠤᠴᠠᠭ᠎ᠠ ᠲᠠᠢ ᠪᠠᠷ | ᠲᠣᠭᠤᠷᠢᠨ ᠴᠠᠭᠳᠠᠵᠤ᠂ ᠲᠣᠰ ᠵᠠᠷᠯᠠᠯ ᠢ ᠵᠥᠷᠢᠴᠡᠵᠤ᠂ ᠬᠠᠮᠢᠶᠠᠷᠤᠯᠲᠠ ᠶᠢ ᠳᠠᠭᠠᠬᠤ ᠥᠬᠡᠶ᠂ ᠰᠠᠷᠠᠮᠵᠢᠬᠦᠯᠤᠯ ᠪᠠ | ᠢᠳᠬᠠᠯ ᠢ ᠰᠣᠨᠣᠰᠬᠤ ᠥᠬᠡᠶ᠂ ᠡᠳᠡᠬᠡᠳ ᠢ ᠬᠠᠤᠯᠢ ᠲᠣᠭᠲᠠᠭᠠᠯ ᠶᠣᠰᠣᠭᠠᠷ ᠰᠢᠢᠳᠪᠦᠷᠢᠯᠡᠵᠦ᠂ ᠠᠯᠢᠪᠠ ᠬᠤᠬᠢᠷᠠᠯ | ᠵᠢᠴᠢ ᠰᠠᠨᠠᠭᠠᠨ ᠳᠤ ᠦᠬᠡᠢ ᠠᠳᠡᠯ ᠬᠡᠷᠡᠭ ᠢ ᠥᠪᠡᠰᠦᠪᠡᠨ ᠡᠭᠦᠷᠭᠡᠯᠡᠨ᠎ᠡ᠃ | ᠡᠭᠦᠨ ᠤ ᠲᠤᠯᠠ ᠣᠨᠴᠠᠭᠠᠶᠢᠯᠠᠨ ᠵᠠᠷᠯᠠᠪᠠ᠃ | ᠠᠪᠠᠭ᠎ᠠ ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠢᠯᠡᠭᠰᠡᠨ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠲᠣᠪᠴᠢᠶ᠎ᠠ | 2025 ᠣᠨ ᠤ 2 ᠰᠠᠷ᠎ᠠ ᠶᠢᠨ 20 ᠤ ᠡᠳᠦᠷ |