ᠠᠪᠠᠭ᠎ᠠ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ 2025 ᠣᠨ ᠤ 1- 2 ᠰᠠᠷ᠎ᠠ ᠶᠢᠨ ᠨᠡᠶᠢᠭᠡᠮ ᠤᠨ ᠠᠪᠤᠷᠠᠨ ᠲᠤᠰᠠᠯᠠᠬᠤ ᠪᠠᠯᠠ ᠮᠥᠩᠭᠦ᠂ ᠬᠡᠤᠬᠡᠳ ᠤᠨ ᠠᠰᠠᠷᠠᠮᠵᠢ ᠶᠢᠨ ᠪᠠᠯᠠ ᠮᠥᠩᠭᠦ ᠶᠢ ᠤᠷᠢᠳᠴᠢᠯᠠᠨ ᠲᠠᠷᠬᠠᠭᠠᠵᠤ ᠬᠦᠴᠢᠷᠳᠡᠯᠲᠡᠶ ᠣᠯᠠᠨ ᠲᠦᠮᠡᠨ ᠤ ᠴᠠᠭᠠᠨ ᠰᠠᠷ᠎ᠠ ᠪᠠᠨ ᠪᠠᠶᠠᠷ ᠬᠦᠷ ᠲᠠᠢ ᠤᠭᠳᠤᠬᠤ ᠳᠤ ᠪᠠᠳᠤᠯᠠᠭ᠎ᠠ ᠬᠠᠩᠭᠠᠪᠠ
ᠨᠡᠶᠢᠲᠡᠯᠡᠭᠰᠡᠨ ᠴᠠᠭ᠄
2025/2/27
    ᠠᠪᠠᠭ᠎ᠠ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠨᠢ ᠬᠦᠴᠢᠷᠳᠡᠯᠲᠡᠶ ᠣᠯᠠᠨ ᠲᠦᠮᠡᠨ ᠤ ᠦᠨᠳᠦᠰᠦᠨ ᠠᠮᠢᠳᠤᠷᠠᠯ ᠢ ᠦᠨᠡᠨᠬᠦ ᠰᠢᠢᠳᠪᠦᠷᠢᠯᠡᠵᠦ᠂ ᠦᠨᠳᠦᠰᠦᠨ ᠠᠷᠠᠳ ᠤᠨ ᠠᠮᠢᠳᠤᠷᠠᠯ ᠤᠨ ᠬᠤᠷᠢᠭ᠎ᠠ ᠱᠤᠭᠤᠮ ᠢ ᠰᠠᠶᠢᠲᠤᠷ  ᠰᠠᠬᠢᠬᠤ ᠶᠢᠨ ᠳᠤᠰᠠᠳᠠ᠂ ᠠᠵᠢᠯ ᠤᠨ ᠲᠣᠬᠢᠷᠠᠭᠤᠯᠤᠯᠲᠠ ᠪᠠᠨ ᠴᠢᠩᠭᠠᠳᠬᠠᠵᠤ᠂ 2025 ᠣᠨ ᠤ ᠴᠠᠭᠠᠨ ᠰᠠᠷ᠎ᠠ ᠠᠴᠠ ᠡᠮᠦᠨ᠎ᠡ᠂ 1- 2 ᠰᠠᠷ᠎ᠠ ᠶᠢᠨ ᠨᠡᠶᠢᠭᠡᠮ ᠤᠨ ᠠᠪᠤᠷᠠᠨ ᠲᠤᠰᠠᠯᠠᠬᠤ ᠪᠠᠯᠠ ᠮᠥᠩᠭᠦ᠂ ᠬᠡᠤᠬᠡᠳ ᠤᠨ ᠠᠰᠠᠷᠠᠮᠵᠢ ᠶᠢᠨ ᠪᠠᠯᠠ ᠮᠥᠩᠭᠦ ᠶᠢ ᠤᠷᠢᠳᠴᠢᠯᠠᠨ ᠲᠠᠷᠬᠠᠭᠠᠪᠠ᠃ ᠲᠠᠮᠵᠢᠨ ᠲᠤᠰᠠᠯᠠᠬᠤ ᠪᠡᠯᠡ ᠮᠥᠩᠭᠦ ᠶᠢ ᠬᠦᠴᠢᠷᠳᠡᠯᠲᠡᠶ ᠣᠯᠠᠨ ᠲᠦᠮᠡᠨ ᠳᠤ ᠴᠠᠭ ᠲᠤᠬᠠᠶ ᠳᠤᠨᠢ ᠭᠦᠢᠴᠡᠳ ᠲᠤᠭ᠎ᠠ ᠪᠠᠷ ᠣᠯᠭᠤᠬᠤ ᠶᠢ ᠦᠨᠡᠨᠬᠦ ᠪᠠᠲᠤᠯᠠᠪᠠ᠃    ᠨᠢᠭᠡ᠂ ᠬᠤᠳᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ    2025 ᠣᠨ ᠤ 1 - 2 ᠰᠠᠷ᠎ᠠ ᠳᠤ᠂ ᠪᠥᠬᠦ ᠬᠤᠰᠢᠭᠤᠨ ᠤ ᠬᠤᠲᠠ ᠬᠥᠳᠡᠭᠡ ᠶᠢᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ 886 ᠡᠷᠦᠬᠡ ᠶᠢᠨ 1211 ᠬᠥᠮᠦᠨ ᠳᠤ ᠪᠠᠳᠤᠯᠠᠭ᠎ᠠ ᠬᠠᠩᠭᠠᠵᠤ᠂ 1- 2 ᠰᠠᠷ᠎ᠠ ᠶᠢᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠯᠠ ᠮᠥᠩᠭᠦ ᠶᠢ ᠨᠡᠶᠢᠲᠡ 94.6282 ᠲᠦᠮᠡᠨ ᠲᠥᠭᠦᠷᠢᠭ ᠲᠠᠷᠬᠠᠭᠠᠪᠠ᠃    ᠡᠭᠦᠨ ᠳᠤ 1 ᠳ᠋ᠦ᠋ᠭᠡᠷ ᠰᠠᠷ᠎ᠠ ᠳᠤ ᠬᠤᠲᠠ ᠪᠠᠯᠭᠠᠰᠤᠨ ᠤ 47.3561 ᠲᠦᠮᠡᠨ ᠲᠥᠭᠦᠷᠢᠭ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠯᠠ ᠮᠥᠩᠭᠦ ᠲᠠᠷᠬᠠᠭᠠᠵᠤ᠂ 542 ᠡᠷᠦᠬᠡ ᠶᠢᠨ 721 ᠬᠥᠮᠦᠨ ᠳᠤ ᠠᠰᠢᠭ ᠬᠦᠷᠲᠡᠭᠡᠪᠡ︔ ᠮᠠᠯᠵᠢᠬᠤ ᠣᠷᠣᠨ ᠤ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠯᠠ ᠮᠥᠩᠭᠦ 26.9815 ᠲᠦᠮᠡᠨ ᠲᠥᠭᠦᠷᠢᠭ ᠲᠠᠷᠬᠠᠭᠠᠵᠤ᠂ 344 ᠡᠷᠦᠬᠡ ᠶᠢᠨ 490 ᠬᠥᠮᠦᠨ ᠳᠤ ᠠᠰᠢᠭ ᠬᠦᠷᠲᠡᠭᠡᠪᠡ᠃    2 ᠰᠠᠷ᠎ᠠ ᠳᠤ᠂ ᠬᠤᠲᠠ ᠪᠠᠯᠭᠠᠰᠤᠨ ᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠯᠠ ᠮᠥᠩᠭᠦ ᠶᠢ 47.2721 ᠲᠦᠮᠡᠨ ᠲᠥᠭᠦᠷᠢᠭ ᠲᠠᠷᠬᠠᠭᠠᠵᠤ᠂ 541 ᠡᠷᠦᠬᠡ ᠶᠢᠨ 720 ᠬᠥᠮᠦᠨ ᠳᠤ ᠠᠰᠢᠭ ᠬᠦᠷᠲᠡᠭᠡᠪᠡ︔ ᠮᠠᠯᠵᠢᠬᠤ ᠣᠷᠣᠨ ᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠯᠠ ᠮᠥᠩᠭᠦ ᠶᠢ 26.9815 ᠲᠦᠮᠡᠨ ᠲᠥᠭᠦᠷᠢᠭ ᠲᠠᠷᠬᠠᠭᠠᠵᠤ᠂ 344 ᠡᠷᠦᠬᠡ ᠶᠢᠨ 490 ᠬᠥᠮᠦᠨ ᠳᠤ ᠠᠰᠢᠭ ᠬᠦᠷᠲᠡᠭᠡᠪᠡ᠃    ᠬᠤᠶᠠᠷ᠂ ᠣᠨᠴᠠ ᠬᠦᠴᠢᠷᠳᠡᠯᠲᠡᠶ ᠬᠥᠮᠦᠰ ᠢ ᠲᠠᠮᠵᠢᠨ ᠲᠤᠰᠠᠯᠠᠵᠤ ᠠᠰᠠᠷᠠᠨ ᠬᠠᠷᠠᠭᠠᠯᠵᠠᠬᠤ    1- 2 ᠰᠠᠷ᠎ᠠ ᠳᠤ ᠣᠨᠴᠠ ᠬᠦᠴᠢᠷᠳᠡᠯᠲᠡᠶ ᠠᠰᠠᠷᠠᠨ ᠲᠡᠵᠢᠭᠡᠵᠦ ᠪᠠᠶᠢᠭ᠎ᠠ 83 ᠬᠥᠮᠦᠨ ᠳᠤ ᠪᠠᠳᠤᠯᠠᠭ᠎ᠠ ᠬᠠᠩᠭᠠᠵᠤ᠂ ᠣᠨᠴᠠ ᠬᠦᠴᠢᠷᠳᠡᠯᠲᠡᠶ ᠠᠪᠤᠷᠠᠨ ᠲᠤᠰᠠᠯᠠᠬᠤ ᠪᠠᠯᠠ ᠮᠥᠩᠭᠦ ᠶᠢ ᠨᠡᠶᠢᠲᠡ 27.608 ᠲᠦᠮᠡᠨ ᠲᠥᠭᠦᠷᠢᠭ ᠲᠠᠷᠬᠠᠭᠠᠵᠤ᠂ ᠡᠭᠦᠨ ᠳᠤ ᠦᠨᠳᠦᠰᠦᠨ ᠠᠮᠢᠳᠤᠷᠠᠯ ᠤᠨ ᠨᠥᠬᠦᠪᠥᠷᠢ ᠶᠢᠨ ᠪᠠᠯᠠ ᠮᠥᠩᠭᠦ 22.576 ᠲᠦᠮᠡᠨ ᠲᠥᠭᠦᠷᠢᠭ᠂ ᠬᠠᠷᠠᠭᠠᠯᠵᠠᠨ ᠠᠰᠠᠷᠠᠬᠤ ᠨᠥᠬᠦᠪᠥᠷᠢ ᠮᠥᠩᠭᠦ 5.032 ᠲᠦᠮᠡᠨ ᠲᠥᠭᠦᠷᠢᠭ ᠪᠠᠭᠲᠠᠵᠤ ᠪᠣᠶ᠃    ᠭᠤᠷᠪᠠ᠂ ᠬᠡᠦᠬᠡᠳ ᠤᠨ ᠠᠰᠠᠷᠠᠮᠵᠢ    ᠨᠡᠶᠢᠲᠡ 3 ᠥᠨᠥᠴᠢᠨ ᠬᠡᠦᠬᠡᠳ ᠲᠤ ᠠᠰᠠᠷᠠᠮᠵᠢ ᠬᠠᠩᠭᠠᠵᠤ᠂ 1- 2 ᠰᠠᠷ᠎ᠠ ᠳᠤ 1.1958 ᠲᠦᠮᠡᠨ ᠲᠥᠭᠦᠷᠢᠭ ᠤᠨ ᠨᠥᠬᠦᠪᠥᠷᠢ ᠮᠥᠩᠭᠦ ᠣᠯᠭᠤᠪᠠ︔ ᠪᠣᠳᠠᠲᠠᠶ ᠠᠰᠠᠷᠠᠨ ᠬᠠᠷᠠᠭᠠᠯᠵᠠᠬᠤ ᠬᠥᠮᠦᠨ ᠥᠬᠡᠶ 5 ᠬᠡᠤᠬᠡᠳ᠂ 1 - 2 ᠰᠠᠷ᠎ᠠ ᠳᠤ 1.5054 ᠲᠦᠮᠡᠨ ᠲᠥᠭᠦᠷᠢᠭ ᠤᠨ ᠨᠥᠬᠦᠪᠥᠷᠢ ᠮᠥᠩᠭᠦ ᠣᠯᠭᠤᠪᠠ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号