3 ᠰᠠᠷ᠎ᠠ ᠶᠢᠨ 5 ᠤ ᠡᠳᠦᠷ᠂ ᠠᠪᠠᠭ᠎ᠠ ᠬᠤᠰᠢᠭᠤᠨ ᠤ 2025 ᠤᠨ ᠤ ᠤᠷᠢᠬᠠᠨ ᠬᠠᠪᠤᠷ ᠤᠨ ᠠᠵᠢᠯᠯᠠᠭ᠎ᠠ | ᠵᠢᠴᠢ ︽ᠠᠵᠢᠯ ᠤᠨ ᠪᠠᠶᠢᠷᠢ ᠬᠦᠷᠭᠡᠵᠦ ᠠᠵᠢᠯ ᠤᠯᠭᠤᠯᠳᠠ ᠶᠢ ᠠᠬᠢᠭᠤᠯᠤᠨ ᠤᠨᠢᠨ ᠲᠡᠭᠡᠷ᠎ᠡ ᠨᠢ ᠦᠢᠯᠡᠴᠢᠯᠡᠵᠦ | ᠠᠷᠠᠳ ᠤᠨ ᠰᠡᠳᠬᠢᠯ ᠢ ᠲᠤᠯᠠᠭᠠᠴᠠᠭᠤᠯᠬᠤ︾ ᠠᠬᠤᠢ ᠲᠠᠯᠠᠪᠠᠢ ᠳᠤ ᠠᠵᠢᠯᠲᠠᠨ ᠡᠯᠰᠡᠬᠦ ᠴᠤᠭᠯᠠᠭᠠᠨ ᠨᠢ ᠬᠤᠰᠢᠭᠤ | ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠥᠪ ᠲᠤ ᠠᠮᠵᠢᠯᠲᠠ ᠲᠠᠢ ᠶᠠᠪᠤᠭᠳᠠᠪᠠ᠃ ᠡᠨᠡᠬᠦ ᠠᠵᠢᠯᠯᠠᠭ᠎ᠠ ᠨᠢ | ᠴᠠᠭᠠᠨ ᠰᠠᠷ᠎ᠠ ᠶᠢᠨ ᠳᠠᠷᠠᠭᠠᠬᠢ ᠠᠵᠤ ᠠᠬᠤᠶᠢᠯᠠᠯ ᠤᠨ ᠠᠵᠢᠯ ᠦᠢᠯᠡᠳᠪᠦᠷᠢᠯᠡᠯ ᠢᠶᠠᠨ ᠰᠡᠷᠭᠦᠭᠡᠬᠦ ᠪᠠ | ᠬᠥᠳᠡᠯᠮᠦᠷᠢᠴᠢᠳ ᠤᠨ ᠠᠵᠢᠯ ᠡᠷᠢᠵᠦ ᠠᠵᠢᠯ ᠣᠯᠭᠤᠬᠤ ︽ᠴᠢᠬᠤᠯᠠ ᠬᠤᠭᠤᠴᠠᠭ᠎ᠠ︾ ᠶᠢ ᠵᠠᠪᠳᠤᠨ᠂ ᠬᠡᠷᠡᠭᠴᠡᠭᠡ | ᠱᠠᠭᠠᠷᠳᠠᠯᠭ᠎ᠠ ᠳᠤ ᠲᠤᠬᠢᠷᠠᠭᠰᠠᠨ ᠦᠨᠳᠦᠷ ᠪᠦᠳᠦᠮᠵᠢᠳᠠᠢ ᠲᠠᠪᠴᠠᠩ ᠬᠠᠩᠭᠠᠵᠤ᠂ ᠪᠥᠬᠦ ᠵᠢᠯ ᠤᠨ ᠠᠵᠢᠯ | ᠣᠯᠭᠤᠯᠲᠠ ᠶᠢᠨ ᠠᠵᠢᠯ ᠢ ᠰᠠᠶᠢᠨ ᠡᠬᠢᠯᠡᠯᠲᠡ ᠲᠠᠢ ᠪᠣᠯᠭᠠᠪᠠ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ | ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠬᠤᠰᠢᠭᠤ ᠳᠡᠳ᠋ ᠳᠠᠷᠤᠭ᠎ᠠ ᠭᠧ ᠶᠦᠩ ᠵᠢᠶᠦ᠋ᠨ ᠠᠵᠢᠯᠯᠠᠭ᠎ᠠ ᠳᠤ | ᠣᠷᠣᠯᠴᠠᠵᠠᠶ᠃ | ᠠᠵᠢᠯᠳᠠᠨ ᠡᠯᠰᠡᠬᠦ ᠠᠬᠤᠶ ᠲᠠᠯᠠᠪᠠᠶ ᠬᠦᠭᠵᠢᠶᠠᠨᠳᠠᠢ ᠪᠠᠶᠢᠵᠦ᠂ ᠠᠵᠢᠯ ᠡᠷᠢᠭᠰᠡᠳ ᠲᠣᠪᠴᠢ ᠨᠠᠮᠲᠠᠷ ᠢᠶᠠᠨ | ᠲᠡᠪᠰᠢᠬᠦᠯᠦᠨ᠂ ᠠᠵᠢᠯ ᠤᠨ ᠪᠠᠶᠢᠷᠢ ᠡᠷᠢᠵᠦ ᠶᠠᠭᠠᠷᠠᠯᠳᠤᠨ᠎ᠠ᠃ ᠬᠤᠰᠢᠭᠤ ᠠᠵᠢᠯ ᠣᠯᠭᠤᠯᠲᠠ ᠶᠢᠨ ᠦᠢᠯᠡᠴᠢᠯᠡᠭᠡᠨ ᠤ | ᠲᠥᠪ ᠨᠢ ᠠᠵᠢᠯᠲᠠᠨ ᠡᠯᠰᠡᠬᠦ ᠠᠵᠢᠯᠯᠠᠭ᠎ᠠ ᠶᠢᠨ ᠠᠬᠤᠢ ᠲᠠᠯᠠᠪᠠᠢ ᠳᠤ ᠬᠥᠳᠡᠯᠮᠦᠷᠢ ᠦᠢᠯᠡᠴᠢᠯᠡᠭᠡᠨ ᠤ ᠨᠠᠷᠠᠲᠤ | ᠲᠥᠷᠥᠯ ᠲᠡᠮᠳᠡᠭᠲᠦ ᠶᠢᠨ ᠤᠨᠴᠠᠯᠢᠬᠳᠤ ᠦᠵᠡᠭᠦᠯᠭᠡ ᠶᠢᠨ ᠲᠣᠭᠤᠷᠢᠭ᠂ ᠠᠵᠢᠯ ᠡᠷᠢᠬᠦ ᠳᠡᠩᠰᠡᠯᠡᠯᠲᠡ ᠶᠢᠨ | ᠲᠣᠭᠤᠷᠢᠭ᠂ ᠲᠥᠷᠥ ᠶᠢᠨ ᠪᠣᠳᠣᠯᠭ᠎ᠠ ᠶᠢᠨ ᠵᠥᠪᠯᠡᠯᠭᠡ ᠥᠭᠬᠦ ᠲᠣᠭᠤᠷᠢᠭ ᠢ ᠳᠣᠭᠢᠷᠠᠭᠤᠯᠵᠤ᠂ ᠠᠵᠤ ᠠᠬᠤᠶᠢᠯᠠᠯ ᠪᠠ | ᠠᠵᠢᠯ ᠡᠷᠢᠭᠰᠡᠳ ᠲᠤ ᠨᠢᠭᠤᠷᠯᠠᠯ ᠲᠤᠭᠳᠠᠬᠤ᠂ ᠨᠠᠷᠢᠯᠢᠭ ᠤᠨᠤᠪᠴᠢᠳᠠᠢ ᠠᠬᠤᠢ ᠲᠠᠯᠠᠪᠠᠢ ᠶᠢᠨ ᠵᠢᠯᠣᠭᠤᠳᠣᠯᠭ᠎ᠠ ᠪᠠ | ᠲᠥᠷᠥ ᠶᠢᠨ ᠪᠣᠳᠣᠯᠭ᠎ᠠ ᠶᠢᠨ ᠵᠥᠪᠯᠡᠯᠭᠡ ᠥᠭᠬᠦ ᠦᠢᠯᠡᠴᠢᠯᠡᠭᠡ ᠬᠠᠩᠭᠠᠪᠠ᠃ ᠠᠵᠢᠯᠯᠠᠭ᠎ᠠ ᠳᠤ ᠣᠷᠣᠯᠴᠠᠭᠰᠠᠨ ᠠᠵᠤ | ᠠᠬᠤᠶᠢᠯᠠᠯ ᠤᠨ ᠬᠢᠨ ᠠᠯᠢ ᠡᠷᠳᠡ ᠠᠬᠤᠢ ᠲᠠᠯᠠᠪᠠᠢ ᠳᠤ ᠬᠦᠷᠴᠦ᠂ ᠠᠵᠢᠯ ᠤᠨ ᠪᠠᠶᠢᠷᠢ᠂ ᠠᠵᠢᠯ ᠲᠦᠷᠦᠯ᠂ | ᠬᠠᠷᠠᠭᠠᠯᠵᠠᠯ᠂ ᠡᠯᠰᠡᠬᠦ ᠬᠥᠮᠦᠨ ᠤ ᠲᠤᠭ᠎ᠠ ᠶᠢ ᠱᠠᠭᠠᠷᠳᠠᠯᠭ᠎ᠠ ᠶᠣᠰᠣᠭᠠᠷ ᠦᠵᠡᠭᠦᠯᠦᠯᠭᠡ ᠶᠢᠨ ᠰᠠᠮᠪᠠᠷ᠎ᠠ ᠳᠡᠭᠡᠷ᠎ᠡ | ᠭᠠᠷᠭᠠᠭᠰᠠᠨ ᠤ ᠬᠠᠮᠲᠤ ᠠᠵᠢᠯ ᠡᠷᠢᠭᠰᠡᠳ ᠲᠤ ᠦᠨᠳᠦᠰᠦᠨ ᠪᠠᠶᠢᠳᠠᠯ᠂ ᠠᠵᠢᠯ ᠤᠨ ᠣᠷᠴᠢᠨ ᠲᠣᠭᠤᠷᠢᠨ᠂ ᠴᠠᠯᠢᠩ | ᠣᠯᠭᠤᠮᠵᠢ ᠵᠡᠷᠭᠡ ᠶᠢ ᠲᠠᠨᠢᠯᠴᠠᠭᠤᠯᠵᠤ ᠪᠠᠶᠢᠯ᠎ᠠ᠃ ᠠᠵᠢᠯ ᠡᠷᠢᠭᠰᠡᠳ ᠠᠵᠢᠯᠲᠠᠨ ᠡᠯᠰᠡᠬᠦ ᠮᠡᠳᠡᠭᠡ ᠵᠠᠩᠭᠢ ᠶᠢ ᠨᠠᠷᠢᠨ | ᠬᠢᠨᠠᠮᠠᠭᠠᠶ ᠨᠠᠷᠢᠪᠴᠢᠯᠡᠵᠦ᠂ ᠲᠤᠰᠬᠠᠶ ᠮᠡᠷᠭᠡᠵᠢᠯ ᠤᠨ ᠠᠵᠢᠯ ᠲᠥᠷᠥᠯ ᠤᠨ ᠠᠵᠢᠯ ᠤᠨ ᠪᠠᠶᠢᠷᠢ ᠶᠢ ᠬᠢᠨᠠᠮᠠᠭᠠᠶ | ᠰᠣᠩᠭᠤᠵᠤ᠂ ᠠᠵᠢᠯ ᠤᠨ ᠪᠠᠶᠢᠷᠢ ᠡᠯᠰᠡᠬᠦ ᠪᠠ ᠡᠷᠢᠵᠦ ᠪᠠᠶᠢᠭ᠎ᠠ ᠬᠤᠶᠠᠷ ᠲᠠᠯ᠎ᠠ ᠪᠠᠷ ᠢᠶᠠᠨ ᠵᠥᠪᠳᠡᠯᠴᠡᠨ ᠶᠠᠷᠢᠯᠴᠠᠵᠦ᠂ | ᠡᠶ᠎ᠡ ᠵᠤᠬᠢᠴᠠᠯ ᠲᠠᠢ ᠠᠭᠤᠰᠤᠯᠴᠠᠭ᠎ᠠ ᠰᠤᠯᠢᠯᠴᠠᠭ᠎ᠠ ᠶᠢᠨ ᠠᠭᠤᠷ ᠠᠮᠢᠰᠬᠤᠯ ᠪᠢᠯᠬᠠᠮ᠎ᠠ ᠪᠠᠶᠢᠯ᠎ᠠ᠃ ᠲᠣᠰ | ᠤᠳᠠᠭᠠᠨ ᠤ ᠠᠵᠢᠯᠲᠠᠨ ᠡᠯᠰᠡᠬᠦ ᠴᠤᠭᠯᠠᠭᠠᠨ ᠨᠢ ᠪᠥᠬᠦ ᠬᠤᠰᠢᠭᠤᠨ ᠤ ᠬᠡᠪᠴᠢᠶᠡᠨ ᠳᠠᠬᠢ ᠠᠵᠤ ᠠᠬᠤᠶᠢᠯᠠᠯ ᠤᠨ | ᠡᠬᠢ ᠪᠠᠶᠠᠯᠢᠭ ᠢ ᠬᠤᠷᠠᠮᠳᠤᠭᠤᠯᠵᠤ᠂ ︽ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠣᠯᠠᠨ ᠡᠰᠢᠲᠦ | ᠦᠢᠯᠡᠴᠢᠯᠡᠭᠡ︾ ᠶᠢᠨ ᠵᠠᠭᠪᠤᠷ ᠲᠠᠢ ᠤᠶᠠᠯᠳᠤᠭᠤᠯᠤᠨ᠂ ᠠᠵᠢᠯ ᠡᠷᠢᠭᠰᠡᠳ ᠪᠠ ᠠᠵᠦ ᠠᠬᠤᠶᠢᠯᠠᠯ ᠳᠤ ᠬᠥᠭᠦᠷᠭᠡ | ᠬᠤᠯᠪᠤᠭᠠᠰᠤ ᠶᠢᠨ ᠦᠢᠯᠡᠳᠦᠯ ᠦᠵᠡᠬᠦᠯᠦᠭᠰᠡᠨ ᠪᠠᠶᠢᠨ᠎ᠠ᠃ | ᠲᠣᠰ ᠤᠳᠠᠭᠠᠨ ᠤ ᠠᠵᠢᠯᠲᠠᠨ ᠡᠯᠰᠡᠬᠦ ᠴᠤᠭᠯᠠᠭᠠᠨ ᠨᠢ ᠪᠦᠬᠦ ᠬᠤᠰᠢᠭᠤᠨ ᠤ ᠬᠡᠪᠴᠢᠶᠠᠨ ᠲᠠᠬᠢ 10 ᠠᠵᠤ | ᠠᠬᠤᠶᠢᠯᠠᠯ ᠢ ᠵᠣᠬᠢᠶᠠᠨ ᠪᠠᠶᠢᠭᠤᠯᠤᠨ ᠳᠠᠶᠢᠴᠢᠯᠠᠵᠤ᠂ 589 ᠠᠵᠢᠯ ᠤᠨ ᠪᠠᠶᠢᠷᠢ ᠬᠠᠩᠭᠠᠭᠰᠠᠨ ᠤ ᠬᠠᠮᠲᠤ᠂ ᠠᠬᠤᠢ | ᠲᠠᠯᠠᠪᠠᠢ ᠳᠤ ᠠᠵᠢᠯ ᠡᠷᠢᠭᠰᠡᠳ ᠲᠤ ᠰᠢᠯᠢ ᠶᠢᠨ ᠭᠤᠤᠯ ᠠᠶᠢᠮᠠᠭ ᠤᠨ ᠣᠷᠣᠨ ᠪᠦᠰᠡ ᠠᠯᠤᠰᠯᠠᠭᠰᠠᠨ 211 | ᠬᠥᠳᠡᠯᠮᠦᠷᠢ ᠦᠢᠯᠡᠴᠢᠯᠡᠭᠡᠨ ᠤ ᠬᠠᠮᠵᠢᠯᠴᠠᠭᠠᠨ ᠤ ᠠᠵᠤ ᠠᠬᠤᠶᠢᠯᠠᠯ ᠢ ᠲᠠᠨᠢᠯᠴᠠᠭᠤᠯᠵᠤ᠂ 4250 ᠠᠵᠢᠯ ᠤᠨ | ᠪᠠᠶᠢᠷᠢ ᠬᠠᠩᠭᠠᠪᠠ᠃ ᠠᠵᠢᠯᠲᠠᠨ ᠡᠯᠰᠡᠬᠦ ᠴᠤᠭᠯᠠᠭᠠᠨ ᠤ ᠠᠬᠤᠶ ᠲᠠᠯᠠᠪᠠᠶ ᠬᠦᠭᠵᠢᠶᠠᠨᠳᠠᠢ ᠪᠠᠶᠢᠵᠦ᠂ 400 ᠭᠠᠷᠤᠶ | ᠬᠥᠮᠦᠨ ᠤᠳᠠᠭ᠎ᠠ ᠠᠰᠠᠭᠤᠨ ᠯᠠᠪᠯᠠᠵᠤ᠂ ᠠᠵᠢᠯ ᠤᠨ ᠪᠠᠶᠢᠷᠢ ᠡᠷᠢᠵᠡᠢ᠃ ᠠᠵᠢᠯᠯᠠᠭ᠎ᠠ ᠲᠡᠭᠡᠷ᠎ᠡ᠂ ᠡᠯ᠎ᠡ ᠲᠥᠷᠥᠯ ᠤᠨ | ᠤᠬᠠᠭᠤᠯᠭ᠎ᠠ ᠶᠢᠨ ᠮᠠᠲ᠋ᠧᠷᠢᠶᠠᠯ ᠢ ᠨᠡᠶᠢᠲᠡ 500 ᠭᠠᠷᠤᠶ ᠬᠤᠪᠢ ᠲᠠᠷᠬᠠᠭᠠᠵᠤ᠂ ᠬᠤᠤᠰ ᠴᠢᠭᠯᠡᠯ ᠢᠶᠠᠷ | ᠰᠣᠩᠭᠤᠬᠤ ᠪᠠᠷ ᠳᠡᠮᠵᠢᠨ᠂ ᠠᠬᠤᠢ ᠲᠠᠯᠠᠪᠠᠢ ᠳᠤ ᠠᠩᠬ᠎ᠠ ᠠᠯᠬᠤᠮ 50 ᠭᠠᠷᠤᠶ ᠬᠦᠮᠦᠨ ᠠᠵᠢᠯ ᠤᠯᠭᠤᠯᠳᠠ ᠶᠢᠨ | ᠰᠠᠨᠠᠮᠵᠢ ᠲᠤᠭᠳᠠᠭᠰᠠᠨ ᠪᠠᠶᠢᠨ᠎ᠠ ᠃ |