ᠠᠪᠠᠭ᠎ᠠ ᠬᠤᠰᠢᠭᠤ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠵᠢᠯ ᠦᠢᠯᠡᠳᠪᠦᠷᠢᠯᠡᠯ ᠢᠶᠠᠨ ᠰᠡᠷᠬᠦᠭᠡᠨ ᠠᠬᠢᠴᠠ ᠰᠠᠶᠢᠳᠠᠢ ᠠᠵᠢᠯᠯᠠᠵᠦ ᠪᠠᠶᠢᠨ᠎ᠠ
ᠨᠡᠶᠢᠲᠡᠯᠡᠭᠰᠡᠨ ᠴᠠᠭ᠄
2025/3/12
     ᠴᠠᠭᠠᠨ ᠰᠠᠷ᠎ᠠ ᠥᠩᠭᠡᠷᠡᠮᠡᠭᠴᠡ ᠠᠪᠠᠭ᠎ᠠ ᠬᠤᠰᠢᠭᠤ ᠨᠢ ᠠᠵᠢᠯ ᠦᠢᠯᠡᠳᠪᠦᠷᠢᠯᠡᠯ ᠢᠶᠠᠨ ᠰᠡᠷᠭᠦᠭᠡᠵᠤ᠂ ᠠᠯᠢ ᠤᠯᠠᠨ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠳᠠ ᠶᠢᠨ ᠠᠵᠢᠯ ᠡᠬᠢᠯᠡᠪᠡ᠃ ᠪᠥᠬᠦ ᠬᠤᠰᠢᠭᠤᠨ ᠤ ᠡᠯ᠎ᠡ ᠵᠦᠢᠯ ᠤᠨ ᠢᠨᠵᠧᠨᠧᠷᠢᠩ ᠨᠢ ᠡᠷᠡᠰ ᠰᠢᠭᠤᠷᠬᠠᠢ ᠲᠡᠮᠡᠴᠡᠬᠦ ᠣᠪᠣᠷ ᠪᠠᠶᠢᠳᠠᠯ ᠤᠨ ᠳᠤᠮᠳᠠ ᠰᠢᠨ᠎ᠡ ᠨᠢᠭᠡ ᠠᠯᠬᠤᠮ ᠢ ᠠᠯᠬᠤᠵᠤ᠂ 2025 ᠣᠨ ᠤ ᠠᠵᠤ ᠠᠬᠤᠢ ᠶᠢᠨ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠤᠯᠵᠦ ᠪᠠᠶᠢᠨ᠎ᠠ᠃      2 ᠰᠠᠷ᠎ᠠ ᠶᠢᠨ 28 ᠤ ᠡᠳᠦᠷ᠂ ᠰᠤᠷᠪᠤᠯᠵᠢᠯᠠᠭᠴᠢ ᠠᠪᠠᠭ᠎ᠠ ᠬᠤᠰᠢᠭᠤᠨ ᠤ ᠴᠠᠭᠠᠨ ᠤᠰᠤᠨ ᠴᠥᠭᠦᠷᠥᠮ ᠢ ᠯᠠᠶᠢᠳᠠᠵᠦ ᠴᠡᠪᠡᠷᠯᠡᠬᠦ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠠᠬᠤᠢ ᠲᠠᠯᠠᠪᠠᠶ ᠳᠤ ᠬᠥᠷᠪᠡ᠃ ᠪᠠᠷᠢᠯᠭ᠎ᠠ ᠶᠢᠨ ᠠᠵᠢᠯᠲᠠᠳ ᠡᠷᠴᠢ ᠵᠣᠷᠢᠭ ᠲᠡᠭᠦᠯᠳᠡᠷ ᠪᠠᠶᠢᠵᠤ᠂ ᠮᠠᠰᠢᠨ ᠲᠥᠬᠦᠭᠡᠷᠦᠮᠵᠢ ᠶᠠᠭᠠᠷᠠᠯᠳᠠᠶᠢᠬᠠᠨ ᠠᠵᠢᠯᠯᠠᠨ᠂ ᠯᠠᠶᠢᠳᠠᠵᠦ ᠴᠡᠪᠡᠷᠯᠡᠬᠦ ᠠᠵᠢᠯ ᠡᠮᠬᠢ ᠵᠢᠷᠤᠮ ᠲᠠᠢ ᠶᠠᠪᠤᠭᠳᠠᠵᠤ ᠪᠠᠶᠢᠯ᠎ᠠ᠃      ᠳᠤᠮᠳᠠᠳᠤ ᠤᠯᠤᠰ ᠤᠨ ᠲᠡᠮᠦᠷ ᠵᠠᠮ ᠤᠨ ᠠᠷᠪᠠᠨ ᠨᠠᠢᠮᠠᠳᠤᠭᠠᠷ ᠲᠣᠪᠴᠢᠶ᠎ᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠠᠪᠠᠭ᠎ᠠ ᠬᠤᠰᠢᠭᠤᠨ ᠤ ᠴᠠᠭᠠᠨ ᠤᠰᠤᠨ ᠴᠥᠭᠦᠷᠥᠮ ᠢ ᠯᠠᠶᠢᠳᠠᠵᠦ ᠴᠡᠪᠡᠷᠯᠡᠬᠦ ᠢᠨᠵᠧᠨᠧᠷᠢᠩ  ᠤᠨ ᠠᠬᠤᠢ ᠲᠠᠯᠠᠪᠠᠢ ᠶᠢᠨ ᠠᠵᠢᠯ ᠤᠨ ᠬᠠᠷᠢᠭᠤᠴᠠᠯᠭᠠᠲᠠᠨ ᠯᠢᠦ ᡁᠢ ᠵᠥᠩ ᠲᠠᠨᠢᠯᠴᠠᠭᠤᠯᠬᠤ ᠳᠠᠭᠠᠨ᠄ ︽ᠴᠠᠭᠠᠨ ᠤᠰᠤᠨ ᠴᠥᠭᠦᠷᠥᠮ ᠢ ᠯᠠᠶᠢᠳᠠᠵᠦ ᠴᠡᠪᠡᠷᠯᠡᠬᠦ ᠢᠨᠵᠧᠨᠧᠷᠢᠩ ᠨᠢ ᠴᠠᠭᠠᠨ ᠰᠠᠷ᠎ᠠ ᠶᠢᠨ ᠰᠢᠨ᠎ᠡ ᠶᠢᠨ ᠨᠠᠢᠮᠠᠨ ᠳᠤ ᠠᠵᠢᠯ ᠦᠢᠯᠡᠳᠪᠦᠷᠢᠯᠡᠯ ᠢᠶᠠᠨ ᠰᠡᠷᠭᠦᠭᠡᠪᠡ᠂ ᠢᠨᠵᠧᠨᠧᠷᠢᠩ ᠢ ᠤᠰᠤᠨ ᠲᠤᠳᠤᠷᠠᠬᠢ ᠶᠢ ᠯᠠᠶᠢᠳᠠᠬᠤ ᠪᠠ ᠬᠠᠭᠤᠷᠠᠢ ᠭᠠᠵᠠᠷ ᠲᠤ ᠬᠤᠷᠠᠭᠰᠠᠨ ᠰᠢᠪᠠᠷ ᠰᠢᠷᠤᠢ ᠶᠢ ᠴᠡᠪᠡᠷᠯᠡᠬᠦ ᠭᠡᠵᠦ ᠬᠤᠪᠢᠶᠠᠨ᠎ᠠ᠂ ᠡᠭᠦᠨ ᠳᠤ 494 ᠲᠦᠮᠡᠨ ᠪᠣᠰᠤᠭ᠎ᠠ ᠳᠥᠷᠪᠡᠯᠵᠢᠨ ᠮᠧᠲᠷ ᠰᠢᠪᠠᠷ ᠰᠢᠷᠤᠢ ᠶᠢ ᠯᠠᠶᠢᠳᠠᠵᠦ᠂ 47 ᠲᠦᠮᠡᠨ ᠪᠣᠰᠤᠭ᠎ᠠ ᠳᠥᠷᠪᠡᠯᠵᠢᠨ ᠮᠧᠲᠷ ᠰᠢᠪᠠᠷ ᠰᠢᠷᠤᠢ ᠶᠢ ᠴᠡᠪᠡᠷᠯᠡᠬᠦ ᠪᠤᠯᠤᠨ᠎ᠠ᠃ ᠣᠳᠣᠬᠠᠨ ᠳᠤ᠂ ᠪᠢᠳᠡ ᠨᠢᠭᠡᠨᠲᠡ 1 ᠨᠤᠮᠧᠷᠳᠦ᠂ 2 ᠨᠤᠮᠧᠷᠳᠦ᠂ 4 ᠨᠤᠮᠧᠷᠳᠦ ᠲᠦᠷ ᠴᠠᠭ ᠤᠨ ᠰᠢᠷᠣᠢ ᠲᠦᠯᠬᠢᠬᠦ ᠲᠠᠯᠠᠪᠤᠷ ᠤᠨ ᠬᠤᠶᠠᠳᠠᠭᠢ ᠤᠳᠠᠭᠠᠨ ᠤ ᠪᠤᠴᠠᠭᠠᠨ ᠵᠥᠭᠡᠭᠡᠪᠦᠷᠢᠯᠡᠬᠦ ᠠᠵᠢᠯ ᠢ ᠪᠡᠶᠡᠯᠡᠭᠦᠯᠵᠦ᠂ 4 ᠰᠠᠷ᠎ᠠ ᠶᠢᠨ ᠳᠤᠮᠳᠠᠴᠢ ᠪᠠᠷ 3 ᠨᠤᠮᠧᠷᠳᠦ ᠲᠦᠷ ᠴᠠᠭ ᠤᠨ ᠰᠢᠷᠣᠢ ᠲᠦᠯᠬᠢᠬᠦ ᠲᠠᠯᠠᠪᠤᠷ ᠤᠨ ᠪᠤᠴᠠᠭᠠᠨ ᠵᠥᠭᠡᠭᠡᠪᠦᠷᠢᠯᠡᠬᠦ ᠵᠢᠴᠢ ᠬᠠᠭᠤᠷᠠᠢ ᠭᠠᠵᠠᠷ ᠲᠤ ᠬᠤᠷᠠᠭᠰᠠᠨ ᠰᠢᠪᠠᠷ ᠰᠢᠷᠤᠢ ᠶᠢ ᠴᠡᠪᠡᠷᠯᠡᠬᠦ ᠠᠵᠢᠯ ᠢ ᠳᠠᠭᠤᠰᠬᠠᠬᠤ ᠪᠠᠷ ᠲᠥᠯᠥᠪᠯᠡᠵᠦ ᠪᠠᠶᠢᠨ᠎ᠠ᠃ ᠲᠠᠷᠠᠭᠠᠴᠢ ᠶᠢᠨ ᠠᠯᠬᠤᠮ ᠳᠤ᠂ ᠪᠢᠳᠡ ᠪᠥᠬᠦ ᠬᠦᠴᠦᠨ ᠢᠶᠠᠷ ᠢᠶᠠᠨ ᠴᠢᠷᠮᠠᠶᠢᠵᠤ ᠪᠠᠶᠢᠭᠠᠳ ᠯᠠᠶᠢᠳᠠᠵᠦ ᠴᠡᠪᠡᠷᠯᠡᠬᠦ ᠢᠨᠵᠧᠨᠧᠷᠢᠩ ᠢ ᠯᠠᠪᠳᠠᠭᠤᠨ ᠢᠶᠠᠷ ᠲᠦᠯᠬᠢᠨ ᠠᠬᠢᠭᠤᠯᠬᠤ ᠶᠢ ᠦᠨᠡᠨ ᠬᠦ ᠪᠠᠲᠤᠯᠠᠵᠤ᠂ ᠠᠪᠠᠭ᠎ᠠ ᠬᠤᠰᠢᠭᠤᠨ ᠤ ᠠᠮᠢ ᠠᠬᠤᠢ ᠶᠢᠨ ᠰᠡᠷᠭᠦᠯᠲᠡ ᠪᠠ ᠠᠵᠤ ᠠᠬᠤᠢ ᠶᠢᠨ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠨ᠎ᠡ︾ ᠭᠡᠮᠡᠨ ᠠᠵᠢᠯ ᠤᠨ ᠪᠠᠶᠢᠳᠠᠯ ᠢᠶᠠᠨ ᠲᠠᠨᠢᠯᠴᠠᠭᠤᠯᠪᠠ᠃      ᠪᠥᠬᠦ ᠣᠷᠣᠨ ᠤ ᠤᠰᠤᠨ ᠴᠥᠭᠦᠷᠥᠮ ᠢ ᠶᠡᠷᠦᠩᠭᠡᠶᠢᠯᠡᠨ ᠵᠠᠰᠠᠬᠤ ᠵᠢᠱᠢᠶ᠎ᠡ ᠦᠵᠡᠭᠦᠯᠬᠦ ᠲᠥᠷᠥᠯ ᠵᠦᠢᠯ ᠪᠣᠯᠤᠭᠰᠠᠨ ᠤ ᠬᠤᠪᠢ ᠳᠤ᠂ ᠠᠪᠠᠭ᠎ᠠ ᠬᠤᠰᠢᠭᠤᠨ ᠤ ᠬᠦᠤᠯ ᠴᠠᠭᠠᠨ ᠨᠠᠭᠤᠷ ᠤᠨ ᠴᠠᠭᠠᠨ ᠤᠰᠤᠨ ᠴᠥᠭᠦᠷᠥᠮ ᠢ ᠶᠡᠷᠦᠩᠭᠡᠶᠢᠯᠡᠨ ᠵᠠᠰᠠᠬᠤ ᠵᠢᠱᠢᠶ᠎ᠡ ᠦᠵᠡᠭᠦᠯᠬᠦ ᠢᠨᠵᠧᠨᠧᠷᠢᠩ ᠳᠤ ᠴᠠᠭᠠᠨ ᠤᠰᠤᠨ ᠴᠥᠭᠦᠷᠥᠮ ᠢ ᠯᠠᠶᠢᠳᠠᠵᠦ ᠴᠡᠪᠡᠷᠯᠡᠨ ᠥᠷᠭᠡᠳᠬᠡᠬᠦ ᠢᠨᠵᠧᠨᠧᠷᠢᠩ᠂ ᠨᠠᠭᠤᠷ ᠤᠨ ᠬᠥᠪᠡᠭᠡᠨ ᠤ ᠨᠠᠮᠬᠠᠳᠬᠠᠬᠤ ᠪᠦᠰᠡ ᠶᠢ ᠶᠡᠷᠦᠩᠭᠡᠶᠢᠯᠡᠨ ᠵᠠᠰᠠᠬᠤ ᠢᠨᠵᠧᠨᠧᠷᠢᠩ ᠪᠠ ᠬᠤᠵᠢᠷᠯᠢᠭ ᠭᠠᠵᠠᠷ ᠲᠤ ᠬᠢᠶᠠᠭ ᠳᠠᠷᠢᠬᠤ ᠲᠥᠷᠥᠯ ᠵᠦᠢᠯ ᠢ ᠪᠠᠭᠲᠠᠭᠠᠭᠰᠠᠨ ᠶᠤᠮ᠃ ᠲᠥᠷᠥᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ ᠨᠢ ᠪᠠᠷᠤᠭ 2.6 ᠳ᠋ᠦᠩᠰᠢᠭᠤᠷ ᠲᠥᠭᠦᠷᠢᠭ ᠪᠣᠯᠣᠨ᠎ᠠ᠃ 2024 ᠣᠨ ᠤ 10 ᠰᠠᠷ᠎ᠠ ᠶᠢᠨ 18 ᠤ ᠡᠳᠦᠷ ᠴᠠᠭᠠᠨ ᠤᠰᠤᠨ ᠴᠥᠭᠦᠷᠥᠮ ᠢ ᠯᠠᠶᠢᠳᠠᠵᠦ ᠴᠡᠪᠡᠷᠯᠡᠬᠦ ᠢᠨᠵᠧᠨᠧᠷᠢᠩ ᠢ ᠵᠢᠩᠬᠢᠨᠢ ᠪᠠᠷ ᠡᠬᠢᠯᠡᠭᠦᠯᠵᠦ᠂ ᠪᠥᠬᠦ ᠬᠤᠷᠳᠤᠴᠠ ᠪᠠᠷ ᠢᠶᠠᠨ ᠲᠦᠯᠬᠢᠨ ᠠᠬᠢᠭᠤᠯᠪᠠ᠃ ᠲᠥᠷᠥᠯ ᠵᠦᠢᠯ ᠤᠨ ᠲᠦᠯᠦᠪᠯᠡᠭᠰᠡᠨ ᠢᠶᠠᠷ ᠴᠠᠭᠠᠨ ᠤᠰᠤᠨ ᠴᠥᠭᠦᠷᠥᠮ ᠤᠨ ᠬᠦᠨ ᠤ ᠬᠡᠮᠵᠢᠶ᠎ᠡ ᠶᠢ 1016.00 ᠮᠧᠲᠷ ᠠᠴᠠ ᠳᠣᠷᠣᠭᠰᠢ ᠪᠤᠯᠭᠠᠵᠦ᠂ ᠯᠠᠶᠢᠳᠠᠬᠤ ᠵᠤᠵᠠᠭᠠᠨ ᠤ ᠬᠡᠮᠵᠢᠶ᠎ᠡ ᠶᠢ ᠳᠤᠮᠳᠠᠴᠢ ᠪᠠᠷ 1.6 ᠮᠧᠲᠷ ᠲᠤ ᠬᠦᠷᠴᠦ᠂ ᠯᠠᠶᠢᠳᠠᠵᠦ ᠴᠡᠪᠡᠷᠯᠡᠭᠰᠡᠨ ᠬᠡᠪᠴᠢᠶᠡᠨ ᠤ ᠲᠠᠯᠠᠪᠠᠶ ᠨᠢ 293.99 ᠲᠦᠮᠡᠨ  ᠬᠠᠪᠳᠠᠭᠠᠢ ᠲᠦᠷᠪᠡᠯᠵᠢᠨ ᠮᠧᠲᠷ ᠲᠤ ᠬᠦᠷᠴᠦ᠂ ᠯᠠᠶᠢᠳᠠᠵᠦ ᠴᠡᠪᠡᠷᠯᠡᠭᠰᠡᠨ ᠰᠢᠪᠠᠷ ᠰᠢᠷᠣᠢ ᠨᠢ 542 ᠪᠣᠰᠤᠭ᠎ᠠ ᠳᠥᠷᠪᠡᠯᠵᠢᠨ ᠮᠧᠲᠷ ᠲᠤ ᠬᠦᠷᠬᠦ ᠪᠣᠯᠣᠨ᠎ᠠ᠃ ᠤᠳᠤᠬᠠᠨ ᠪᠣᠯᠲᠠᠯ᠎ᠠ᠂ ᠲᠥᠷᠥᠯ ᠵᠦᠢᠯ ᠤᠨ ᠭᠤᠣᠯ ᠴᠣᠭᠴᠠ ᠶᠢᠨ 27.05 ᠲᠦᠮᠡᠨ ᠪᠣᠰᠤᠭ᠎ᠠ ᠳᠥᠷᠪᠡᠯᠵᠢᠨ ᠮᠧᠲᠷ ᠤᠨ ᠰᠢᠪᠡᠷ ᠰᠢᠷᠤᠢ ᠶᠢ ᠪᠡᠶᠡᠯᠡᠬᠦᠯᠦᠭᠡᠳ ᠪᠤᠢ᠃      ᠣᠶᠢᠯᠠᠭᠠᠭᠰᠠᠨ ᠢᠶᠠᠷ᠂ ᠴᠠᠭᠠᠨ ᠤᠰᠤᠨ ᠴᠥᠭᠦᠷᠥᠮ ᠨᠢ ᠠᠪᠠᠭ᠎ᠠ ᠬᠤᠰᠢᠭᠤᠨ ᠤ ᠴᠠᠭᠠᠨᠨᠠᠭᠤᠷ ᠪᠠᠯᠭᠠᠰᠤ ᠶᠢᠨ ᠤᠯᠠᠭᠠᠨᠲᠤᠭ ᠭᠠᠴᠠᠭᠠᠨ ᠤ ᠬᠢᠯᠢ ᠳᠤ ᠪᠠᠶᠢᠷᠢᠯᠠᠵᠤ᠂ ᠦᠶᠡᠷ ᠢ ᠰᠡᠷᠭᠡᠶᠢᠯᠡᠬᠦ᠂ ᠠᠵᠤ ᠦᠢᠯᠡᠳᠪᠦᠷᠢ ᠶᠢᠨ ᠤᠰᠤ ᠬᠠᠩᠭᠠᠬᠤ᠂ ᠠᠮᠢ ᠠᠬᠤᠢ ᠶᠢᠨ ᠬᠠᠮᠠᠭᠠᠯᠠᠯᠲᠠ ᠪᠠ ᠲᠡᠵᠢᠭᠡᠨ ᠦᠷᠡᠵᠢᠭᠦᠯᠬᠦ ᠵᠡᠷᠭᠡ ᠣᠯᠠᠨ ᠵᠦᠢᠯ ᠤᠨ ᠴᠢᠳᠠᠮᠵᠢ ᠲᠠᠢ ᠳᠤᠮᠳᠠ ᠬᠡᠯᠪᠡᠷᠢ ᠶᠢᠨ ᠤᠰᠤᠨ ᠴᠥᠭᠦᠷᠥᠮ ᠪᠠᠶᠢᠵᠤ᠂ ᠠᠪᠠᠭ᠎ᠠ ᠬᠤᠰᠢᠭᠤᠨ ᠤ ᠬᠠᠮᠤᠭ ᠤᠨ ᠴᠢᠬᠤᠯᠠ ᠤᠰᠤᠨ ᠤ ᠡᠬᠢ ᠪᠠᠶᠠᠯᠢᠭ ᠤᠨ ᠪᠠᠲᠤᠯᠠᠭ᠎ᠠ ᠪᠠ ᠠᠮᠢ ᠠᠬᠤᠢ ᠶᠢᠨ ᠰᠡᠷᠭᠦᠭᠡᠯᠲᠡ ᠶᠢᠨ ᠣᠷᠣᠨ ᠪᠦᠰᠡ ᠪᠣᠯᠣᠨ᠎ᠠ᠃ ᠲᠣᠰ ᠤᠳᠠᠭᠠᠨ ᠤ ᠯᠠᠶᠢᠳᠠᠵᠦ ᠴᠡᠪᠡᠷᠯᠡᠬᠦ ᠢᠨᠵᠧᠨᠧᠷᠢᠩ ᠨᠢ ᠤᠰᠤᠨ ᠴᠥᠭᠦᠷᠥᠮ ᠤᠨ ᠤᠰᠤ ᠬᠠᠳᠠᠭᠠᠯᠠᠬᠤ ᠴᠢᠳᠠᠪᠤᠷᠢ ᠶᠢ ᠪᠦᠲᠦᠮᠵᠢᠲᠡᠶ ᠳᠡᠭᠡᠭᠰᠢᠯᠡᠭᠦᠯᠵᠦ᠂ ᠤᠰᠤᠨ ᠲᠦᠪᠰᠢᠨ ᠤ ᠳᠣᠷᠣᠭᠰᠢᠯᠠᠯᠲᠠ ᠶᠢ ᠤᠳᠠᠭᠠᠰᠢᠷᠠᠭᠤᠯᠵᠦ᠂ ᠤᠰᠤᠨ ᠣᠷᠣᠨ ᠤ ᠠᠭᠤᠷᠰᠢᠯᠲᠠ ᠶᠢ ᠨᠠᠮᠳᠠᠭᠤᠯᠬᠤ ᠶᠢᠨ ᠬᠠᠮᠲᠤ ᠴᠢᠨᠠᠷ ᠰᠠᠶᠢᠲᠠᠢ ᠠᠵᠤ ᠦᠢᠯᠡᠳᠪᠦᠷᠢ ᠶᠢᠨ ᠲᠥᠷᠥᠯ ᠵᠦᠢᠯ ᠢ ᠨᠠᠶᠢᠳᠠᠪᠤᠷᠢᠵᠢᠭᠤᠯᠬᠤ ᠳᠤ ᠪᠠᠲᠤ ᠪᠠᠬᠢ ᠤᠰᠤᠨ ᠤ ᠡᠬᠢ ᠰᠤᠷᠪᠤᠯᠵᠢ ᠶᠢᠨ ᠪᠠᠲᠤᠯᠠᠭ᠎ᠠ ᠶᠢ ᠬᠠᠩᠭᠠᠬᠤ ᠪᠣᠯᠣᠨ᠎ᠠ᠃      ᠴᠠᠭᠠᠨ ᠤᠰᠤᠨ ᠴᠥᠭᠦᠷᠥᠮ ᠢ ᠯᠠᠶᠢᠳᠠᠵᠦ ᠴᠡᠪᠡᠷᠯᠡᠬᠦ ᠢᠨᠵᠧᠨᠧᠷᠢᠩ ᠨᠢ ᠵᠥᠪᠬᠡᠨ ᠠᠪᠠᠭ᠎ᠠ ᠬᠤᠰᠢᠭᠤᠨ ᠤ ᠭᠤᠣᠯᠳᠠᠯᠭ᠎ᠠ ᠲᠠᠢ ᠲᠦᠷᠦᠯ ᠵᠦᠢᠯ ᠤᠨ ᠨᠢᠭᠡ ᠬᠡᠰᠡᠭ ᠪᠣᠯᠣᠨ᠎ᠠ᠃ ᠠᠯᠢ ᠣᠯᠠᠨ ᠲᠥᠷᠥᠯ ᠵᠦᠢᠯ ᠤᠨ ᠠᠵᠢᠯ ᠡᠬᠢᠯᠡᠬᠦ ᠶᠢ ᠳᠠᠭᠠᠯᠳᠤᠨ᠂ ᠠᠪᠠᠭ᠎ᠠ ᠬᠤᠰᠢᠭᠤᠨ ᠤ ᠠᠵᠤ ᠠᠬᠤᠢ ᠶᠢᠨ ᠬᠥᠭᠵᠢᠯᠲᠡ ᠨᠢ ᠮᠠᠰᠢ ᠬᠤᠷᠳᠤᠴᠠ ᠲᠠᠢ ᠶᠠᠪᠤᠭᠳᠠᠵᠤ ᠪᠠᠶᠢᠭ᠎ᠠ ᠶᠤᠮ᠃ ᠪᠥᠬᠦ ᠬᠤᠰᠢᠭᠤᠨ ᠤ ᠳᠡᠭᠡᠳᠦ ᠳᠣᠣᠷᠠᠳᠤ ᠱᠠᠲᠤᠨ ᠤ ᠬᠢᠨ ᠣᠷᠭᠢᠯᠤᠮ᠎ᠠ ᠬᠠᠯᠠᠭᠤᠨ ᠰᠡᠳᠬᠢᠯᠭᠡ ᠪᠠᠷ ᠠᠵᠢᠯ ᠳᠠᠭᠠᠨ ᠣᠷᠣᠯᠴᠠᠵᠤ ᠪᠠᠶᠢᠭ᠎ᠠ ᠨᠢ 2025 ᠣᠨ ᠤ ᠠᠵᠤ ᠠᠬᠤᠢ ᠶᠢᠨ ᠬᠥᠭᠵᠢᠯᠲᠡ ᠶᠢᠨ ᠰᠠᠶᠢᠨ ᠡᠬᠢᠯᠡᠯᠲᠡ ᠶᠢ ᠬᠠᠷᠠᠭᠤᠯᠵᠤ ᠪᠠᠶᠢᠨ᠎ᠠ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号