ᠠᠪᠠᠭ᠎ᠠ ᠬᠤᠰᠢᠭᠤ  ︽3·8︾ ᠤ ᠳᠡᠯᠡᠬᠡᠢ ᠶᠢᠨ  ᠬᠥᠳᠡᠯᠮᠦᠷᠢᠴᠢᠨ ᠡᠮᠡᠭᠲᠡᠶᠢᠴᠦᠳ ᠤᠨ ᠪᠠᠶᠠᠷ ᠤᠨ ᠡᠳᠦᠷ ᠢ ᠪᠡᠯᠡᠭᠯᠡᠬᠦ  ᠪᠡᠶ᠎ᠡ ᠴᠢᠭᠢᠷᠠᠭᠵᠢᠭᠤᠯᠬᠤ ᠲᠠᠮᠢᠷ ᠤᠨ ᠤᠷᠤᠯᠳᠤᠭᠠᠨ ᠡᠷᠬᠢᠯᠡᠪᠡ
ᠨᠡᠶᠢᠲᠡᠯᠡᠭᠰᠡᠨ ᠴᠠᠭ᠄
2025/3/12
     115 ᠳᠠᠬᠢ ︽3 · 8︾ ᠤ ᠳᠡᠯᠡᠬᠡᠶ ᠶᠢᠨ ᠬᠥᠳᠡᠯᠮᠦᠷᠢᠴᠢᠨ ᠡᠮᠡᠭᠲᠡᠶᠢᠴᠦᠳ ᠤᠨ ᠪᠠᠶᠠᠷ ᠢ ᠪᠡᠯᠭᠡᠯᠡᠵᠦ᠂ ᠥᠷᠭᠡᠨ ᠣᠯᠠᠨ ᠡᠮᠡᠭᠲᠡᠶᠢᠴᠦᠳ ᠤᠨ ᠣᠶᠤᠨ ᠰᠠᠨᠠᠭ᠎ᠠ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠰᠢᠨ᠎ᠡ ᠴᠠᠭ ᠦᠶ᠎ᠡ ᠶᠢᠨ ᠡᠮᠡᠭᠲᠡᠶᠢᠴᠦᠳ ᠤᠨ ᠴᠤᠭ ᠵᠢᠪᠬᠤᠭ᠎ᠠ ᠶᠢ ᠬᠠᠷᠠᠭᠤᠯᠬᠤ ᠪᠠᠷ 3 ᠰᠠᠷ᠎ᠠ ᠶᠢᠨ 6 ᠤ ᠡᠳᠦᠷ᠂ ᠠᠪᠠᠭ᠎ᠠ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠠᠪᠠᠭ᠎ᠠ ᠬᠤᠰᠢᠭᠤᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠠᠪᠠᠭ᠎ᠠ ᠬᠤᠰᠢᠭᠤᠨ ᠤ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ  ᠲᠣᠪᠴᠢᠶ᠎ᠠ᠂ ᠠᠪᠠᠭ᠎ᠠ ᠬᠤᠰᠢᠭᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠦᠢᠯᠡᠴᠢᠯᠡᠭᠡᠨ ᠤ ᠲᠥᠪ ᠠᠴᠠ ᠭᠤᠤᠯᠯᠠᠨ ᠡᠷᠭᠢᠯᠡᠭᠰᠡᠨ ︽ᠨᠠᠮ ᠢᠶᠠᠨ ᠡᠷᠡᠰ ᠲᠠᠭᠠᠨ ᠰᠢᠨ᠎ᠡ ᠠᠶᠠᠨ ᠵᠠᠮ ᠳᠤ ᠡᠷᠡᠯᠬᠡᠭᠯᠡᠨ  ᠤᠷᠤᠭᠰᠢᠯᠠᠵᠤ᠂ ᠡᠮᠡᠭᠳᠠᠶᠢᠴᠤᠳ  ᠰᠢᠨ᠎ᠡ ᠴᠠᠭ ᠦᠶ᠎ᠡ ᠳᠤ ᠭᠠᠪᠢᠶ᠎ᠠ  ᠪᠠᠶᠢᠭᠤᠯᠤᠶ᠎ᠠ︾ ᠭᠡᠬᠦ ᠰᠡᠳᠦᠪᠳᠦ ᠪᠡᠶ᠎ᠡ ᠴᠢᠭᠢᠷᠠᠭᠵᠢᠭᠤᠯᠬᠤ ᠲᠠᠮᠢᠷ ᠤᠨ ᠤᠷᠤᠯᠳᠤᠭᠠᠨ ᠬᠤᠰᠢᠭᠤ ᠤᠯᠠᠭᠠᠨᠮᠥ᠋ᠴᠢᠷ ᠤᠨ ᠲᠣᠭᠯᠠᠯᠲᠠ ᠶᠢᠨ ᠲᠢᠩᠬᠢᠮ ᠳᠤ ᠬᠦᠭᠵᠢᠶᠠᠨ ᠨᠠᠷᠬᠢᠶᠠᠨ  ᠲᠠᠢ ᠶᠠᠪᠤᠭᠳᠠᠪᠠ᠃      ᠤᠷᠤᠯᠳᠤᠭᠠᠨ ᠤ ᠠᠬᠤᠶ ᠲᠠᠯᠠᠪᠠᠢ ᠬᠦᠷ ᠬᠥᠭᠵᠢᠶᠡᠨ ᠢᠶᠠᠷ ᠪᠢᠯᠬᠠᠵᠤ᠂ ᠠᠪᠠᠭ᠎ᠠ ᠬᠤᠰᠢᠭᠤᠨ ᠤ ᠡᠯ᠎ᠡ ᠪᠠᠶᠢᠭᠤᠯᠭ᠎ᠠ ᠨᠢᠭᠡᠴᠡ᠂ ᠡᠯ᠎ᠡ ᠰᠤᠮᠤ ᠪᠠᠯᠭᠠᠰᠤ᠂ ᠨᠡᠶᠢᠭᠡᠮ ᠲᠣᠭᠤᠷᠢᠭ ᠤᠨ 15 ᠠᠩᠬᠢ ᠨᠢ ᠦᠪᠡᠷ ᠦᠪᠡᠷ ᠤᠨ ᠨᠢᠭᠡᠳᠦᠯᠲᠡᠶ ᠬᠤᠪᠴᠠᠰᠤ ᠵᠠᠰᠠᠯ   ᠢᠶᠠᠷ ᠭᠤᠶᠤᠯᠠᠵᠦ᠂ ᠠᠶᠠᠯᠭᠤ ᠬᠦᠭᠵᠢᠮ ᠤᠨ ᠠᠶᠢᠵᠠᠮ ᠢᠶᠠᠷ ᠦᠰᠦᠷᠴᠦ ᠲᠤᠭᠯᠠᠬᠤ ᠬᠦᠳᠡᠯᠦᠯ ᠪᠦᠬᠦᠨ ᠨᠢ ᠢᠳᠡ ᠬᠦᠴᠦᠳᠠᠢ᠂ ᠤᠷᠠᠨ ᠰᠠᠶᠢᠬᠠᠨ ᠪᠠᠶᠢᠵᠦ᠂ ᠠᠩᠬᠢ ᠪᠦᠷᠢ ᠨᠢ ᠲᠡᠷᠢ ᠲᠡᠭᠰᠢ ᠨᠢᠭᠡᠳᠦᠯᠳᠠᠢ ᠪᠠᠶᠢᠷᠢᠰᠢᠯ ᠢᠶᠠᠷ ᠵᠢᠬᠰᠠᠨ ᠲᠤᠭᠯᠠᠵᠦ᠂ ᠡᠮᠡᠭᠲᠡᠶᠢᠴᠦᠳ ᠤᠨ ᠡᠷᠡᠭᠦᠯ ᠴᠢᠭᠢᠷᠠᠭ ᠠᠮᠢᠵᠢᠷᠠᠯ ᠤᠨ ᠬᠦᠴᠦᠨ ᠪᠣᠯᠤᠨ ᠪᠦᠯᠬᠦᠮ ᠨᠡᠶᠢᠲᠡ ᠶᠢᠨ ᠬᠠᠮᠵᠢᠯᠴᠠᠬᠤ ᠵᠣᠷᠢᠭ ᠰᠠᠨᠠᠭ᠎ᠠ ᠶᠢ ᠭᠦᠢᠴᠡᠳ ᠢᠯᠡᠷᠡᠭᠦᠯᠪᠡ᠃ ᠡᠯ᠎ᠡ ᠤᠷᠤᠯᠳᠤᠭᠠᠨ ᠳᠤ ᠣᠷᠣᠯᠴᠠᠭᠰᠠᠨ ᠠᠩᠬᠢ ᠨᠢ ᠥᠪᠡᠷᠮᠢᠴᠡ ᠪᠦᠲᠦᠭᠡᠯᠴᠢ ᠪᠠᠶᠢᠷᠢᠯᠠᠭᠤᠯᠤᠯᠲᠠ ᠪᠠ ᠭᠤᠶᠢᠳᠠ ᠰᠠᠶᠢᠬᠠᠨ ᠬᠦᠳᠡᠯᠦᠯ ᠢᠶᠠᠷ ᠠᠬᠤᠢ ᠲᠠᠯᠠᠪᠠᠢ ᠶᠢᠨ ᠦᠵᠡᠭᠴᠢᠳ ᠤᠨ ᠬᠠᠯᠠᠭᠤᠨ ᠠᠯᠠᠭ᠎ᠠ ᠲᠡᠰᠢᠯᠲᠡ ᠪᠠ ᠤᠤᠬᠠᠶᠢᠯᠠᠯ ᠢ  ᠣᠯᠪᠠ᠃      ᠲᠣᠰ ᠤᠳᠠᠭᠠᠨ ᠤ ᠤᠷᠤᠯᠳᠤᠭᠠᠨ ᠨᠢ ᠨᠢᠭᠡ ᠤᠳᠠᠭᠠᠨ ᠤ ᠪᠡᠶ᠎ᠡ ᠴᠢᠭᠢᠷᠠᠭᠵᠢᠭᠤᠯᠬᠤ ᠦᠷ᠎ᠡ ᠪᠦᠲᠦᠭᠡᠯ ᠤᠨ ᠦᠵᠡᠭᠦᠯᠭᠡ ᠪᠣᠯᠬᠤ ᠪᠠᠷ ᠪᠠᠷᠠᠬᠤ ᠥᠬᠡᠶ᠂ ᠨᠠᠩ ᠴᠤ ᠬᠥᠮᠦᠰ ᠤᠨ ᠰᠡᠳᠬᠢᠯ ᠢ ᠨᠢᠭᠲᠠᠷᠠᠭᠤᠯᠵᠤ᠂ ᠡᠷᠴᠢ ᠵᠣᠷᠢᠭ ᠢ ᠬᠥᠪᠴᠢᠯᠡᠭᠰᠡᠨ  ᠴᠤᠭᠯᠠᠭᠠᠨ ᠪᠤᠯᠤᠨ᠎ᠠ᠃ ᠤᠷᠤᠯᠳᠤᠭᠠᠨ ᠳᠤ ᠣᠷᠣᠯᠴᠠᠭᠰᠠᠳ ᠢᠳᠡᠷᠡᠭᠦᠨ ᠳᠣᠷᠪᠢᠲᠠᠶ ᠬᠦᠳᠡᠯᠦᠯ ᠪᠠᠶᠢᠳᠠᠯ ᠳᠤ ᠪᠠᠨ ᠢᠳᠡᠪᠬᠢ ᠦᠭᠡᠳᠡᠷᠭᠡᠭ ᠠᠮᠢᠳᠤᠷᠠᠯ ᠤᠨ ᠣᠪᠣᠷ ᠰᠤᠷᠳᠠᠯ ᠬᠢᠭᠡᠳ ᠡᠮᠡᠭᠲᠡᠶᠢᠴᠦᠳ ᠤᠨ ᠴᠤᠭ ᠵᠢᠪᠬᠤᠭᠠᠯᠢᠭ ᠲᠦᠷᠢ ᠲᠦᠷᠬᠦ ᠶᠢ ᠰᠢᠩᠭᠡᠭᠡᠵᠦ᠂ ᠥᠷᠭᠡᠨ ᠣᠯᠠᠨ ᠡᠮᠡᠭᠲᠡᠶᠢᠴᠦᠳ ᠤᠨ ᠨᠠᠮ ᠤᠨ ᠤᠳᠤᠷᠢᠳᠤᠯᠭ᠎ᠠ ᠳᠣᠤᠷ᠎ᠠ᠂ ᠰᠢᠨ᠎ᠡ ᠴᠠᠭ ᠦᠶ᠎ᠡ ᠳᠤ ᠰᠠᠭᠤᠷᠢᠯᠠᠨ᠂ ᠰᠢᠨ᠎ᠡ ᠵᠢᠳᠬᠦᠯ ᠴᠢᠷᠮᠠᠶᠢᠯᠭ᠎ᠠ ᠭᠠᠷᠭᠠᠬᠤ ᠡᠷᠡᠰ ᠪᠠᠲᠤ ᠢᠲᠡᠭᠡᠯ ᠵᠣᠷᠢᠭ ᠢ ᠬᠠᠷᠠᠭᠤᠯᠪᠠ᠃ ᠬᠤᠷᠴᠠ ᠰᠢᠷᠦᠭᠦᠨ ᠥᠷᠢᠰᠥᠯᠳᠦᠭᠡᠨ ᠢᠶᠠᠷ ᠳᠡᠮᠵᠢᠨ᠂  ᠬᠢᠨᠠᠭᠴᠢᠳ ᠠᠴᠠ ᠬᠥᠳᠡᠯᠭᠡᠭᠡᠨ ᠤ ᠲᠦᠷᠢᠮᠵᠢᠯ᠂ ᠪᠥᠵᠢᠭ ᠤᠨ ᠨᠠᠶᠢᠷᠠᠭᠤᠯᠭ᠎ᠠ᠂ ᠣᠶᠤᠨ ᠰᠠᠨᠠᠭᠠᠨ ᠤ ᠳᠦᠷᠰᠦ ᠪᠠᠶᠢᠳᠠᠯ ᠵᠡᠷᠭᠡ ᠲᠠᠯ᠎ᠠ ᠪᠠᠷ ᠶᠡᠷᠦᠩᠬᠡᠶᠢᠯᠡᠨ ᠬᠤᠪᠢ ᠤᠯᠭᠤᠭᠰᠠᠨ ᠤ ᠳ᠋ᠦᠩ ᠳᠤ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠳᠡᠰ ᠵᠢᠴᠢ ᠰᠢᠯᠢᠳᠡᠭ ᠳᠡᠰ ᠢ ᠰᠢᠯᠭᠠᠷᠠᠭᠤᠯᠤᠨ᠂ ᠨᠠᠷᠠᠨᠪᠤᠯᠠᠭ ᠰᠤᠮᠤᠨ ᠤ ᠠᠩᠬᠢ ᠲᠠᠷᠢᠬᠦᠯᠡᠭᠰᠡᠨ ᠪᠠᠶᠢᠨ᠎ᠠ᠃     ᠠᠪᠠᠭ᠎ᠠ ᠬᠤᠰᠢᠭᠤ ᠲᠣᠰ ᠤᠳᠠᠭᠠᠨ ᠤ ᠪᠡᠶ᠎ᠡ ᠴᠢᠭᠢᠷᠠᠭᠵᠢᠭᠤᠯᠬᠤ ᠲᠠᠮᠢᠷ ᠤᠨ ᠤᠷᠤᠯᠳᠤᠭᠠᠨ ᠢ ᠡᠷᠬᠢᠯᠡᠬᠦ ᠪᠠᠷ ᠳᠠᠮᠵᠢᠭᠤᠯᠤᠨ᠂ ᠪᠠᠶᠠᠷ ᠤᠨ ᠡᠳᠦᠷ ᠤᠨ ᠠᠭᠤᠷ ᠠᠮᠢᠰᠬᠤᠯ ᠢ ᠦᠳᠭᠡᠷᠡᠬᠦᠯᠵᠦ᠂ ᠥᠷᠭᠡᠨ ᠣᠯᠠᠨ ᠡᠮᠡᠭᠲᠡᠶᠢᠴᠦᠳ ᠲᠤ ᠪᠡᠶ᠎ᠡ ᠶᠢᠨ ᠲᠠᠮᠢᠷ ᠤᠨ ᠬᠠᠪᠤ ᠴᠡᠩᠭᠡᠯ ᠢ ᠡᠳ᠋ᠯᠡᠬᠦᠯᠬᠦ ᠶᠢᠨ ᠬᠠᠮᠲᠤ᠂ ᠲᠡᠳᠡᠨ ᠤ ᠬᠤᠭᠤᠷᠣᠨᠳᠣᠬᠢ ᠰᠣᠯᠢᠯᠴᠠᠭ᠎ᠠ ᠪᠠ ᠬᠠᠮᠲᠤᠷᠠᠯᠴᠠᠭ᠎ᠠ ᠶᠢ ᠠᠬᠢᠭᠤᠯᠤᠨ᠂ ᠲᠡᠳᠡᠨ ᠤ ᠠᠵᠢᠯ ᠠᠮᠢᠳᠤᠷᠠᠯ ᠤᠨ ᠤᠷᠬᠢᠯᠤᠮ᠎ᠠ ᠬᠠᠯᠠᠭᠤᠨ ᠰᠡᠳᠬᠢᠯᠭᠡ ᠶᠢ ᠤᠯᠠᠮ ᠨᠢᠭᠡ ᠠᠯᠬᠤᠮ ᠬᠦᠭᠵᠢᠭᠡᠬᠦ ᠶᠢ ᠵᠤᠷᠢᠭᠰᠠᠨ ᠪᠠᠶᠢᠨ᠎ᠠ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号