ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠣᠨ ᠨᠠᠮ ᠤᠨ ᠬᠤᠷᠢᠳᠤᠭᠠᠷ ᠬᠤᠭᠤᠴᠠᠭᠠᠨ ᠤ | ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠮᠠᠷᠠᠲᠤ | ᠬᠢᠯᠢ ᠶᠢᠨ ᠰᠣᠶᠣᠯ ᠢ ᠤᠯᠠᠮᠵᠢᠯᠠᠨ ᠪᠠᠳᠠᠷᠠᠭᠤᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠪᠠᠬᠢ ᠪᠣᠶ ᠪᠣᠯᠭᠠᠵᠤ᠂ 115 ᠳᠠᠬᠢ ︽ᠭᠤᠷᠪᠠᠨ ᠰᠠᠷ᠎ᠠ ᠶᠢᠨ ᠨᠠᠢᠮᠠᠨ︾ ᠤ ᠳᠡᠯᠡᠬᠡᠢ ᠶᠢᠨ | ᠬᠥᠳᠡᠯᠮᠦᠷᠢᠴᠢᠨ ᠡᠮᠡᠭᠲᠡᠶᠢᠴᠦᠳ ᠤᠨ ᠪᠠᠶᠠᠷ ᠢ ᠤᠭᠲᠤᠨ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ᠂ | ᠬᠠᠤᠯᠢ ᠴᠠᠭᠠᠵᠠ ᠶᠢᠨ ᠮᠡᠳᠡᠯᠭᠡ ᠶᠢ ᠤᠬᠠᠭᠤᠯᠬᠤ᠂ ᠬᠠᠤᠯᠢ ᠪᠠᠷ ᠵᠠᠰᠠᠬᠤ ᠵᠣᠷᠢᠭ ᠰᠠᠨᠠᠭ᠎ᠠ ᠶᠢ ᠪᠠᠳᠠᠷᠠᠭᠤᠯᠬᠤ᠂ | ᠦᠨᠳᠦᠰᠦᠲᠡᠨ ᠨᠦᠭᠦᠳ ᠤᠨ ᠣᠯᠠᠨ ᠲᠦᠮᠡᠨ ᠤ ᠬᠠᠤᠯᠢ ᠴᠠᠭᠠᠵᠠ ᠶᠢᠨ ᠤᠬᠠᠮᠰᠠᠷ ᠢ ᠴᠢᠩᠭᠠᠳᠬᠠᠬᠤ ᠶᠢᠨ ᠲᠤᠰᠠᠳᠠ | 2 ᠰᠠᠷ᠎ᠠ ᠶᠢᠨ 28 ᠤ ᠡᠳᠦᠷ ᠤᠨ ᠦᠳᠡ ᠶᠢᠨ ᠬᠤᠶᠢᠨ᠎ᠠ᠂ ᠬᠤᠰᠢᠭᠤ ᠨᠠᠮ ᠤᠨ ᠬᠤᠷᠢᠶᠠᠨ ᠤ ᠤᠬᠠᠭᠤᠯᠬᠤ | ᠬᠡᠯᠲᠡᠰ᠂ ᠬᠤᠰᠢᠭᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ᠂ ᠬᠤᠰᠢᠭᠤ ᠠᠷᠠᠳ ᠤᠨ ᠰᠢᠭᠦᠬᠦ | ᠬᠤᠷᠢᠶ᠎ᠠ᠂ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠲᠣᠪᠴᠢᠶ᠎ᠠ᠂ ᠠᠵᠢᠯᠴᠢᠨ ᠤ ᠶᠡᠷᠦᠩᠭᠡᠢ ᠡᠪᠯᠡᠯ᠂ | ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠤᠳᠬ᠎ᠠ ᠤᠷᠠᠯᠢᠭ ᠤᠨ ᠬᠢᠨ ᠤ ᠬᠤᠯᠪᠤᠭ᠎ᠠ ᠠᠴᠠ ᠭᠤᠤᠯᠯᠠᠨ | ᠡᠷᠭᠢᠯᠡᠵᠦ᠂ ᠬᠤᠰᠢᠭᠤ ᠵᠣᠬᠢᠶᠠᠯᠴᠢᠳ ᠤᠨ ᠨᠡᠶᠢᠭᠡᠮᠯᠢᠭ ᠠᠴᠠ ᠲᠠᠭᠠᠭᠠᠴᠢᠯᠠᠨ ᠡᠷᠭᠢᠯᠡᠭᠰᠡᠨ ︽ᠬᠠᠤᠯᠢ ᠳᠦᠷᠢᠮ ᠢ | ᠰᠤᠷᠲᠠᠯᠴᠢᠯᠠᠨ᠂ ᠳᠡᠯᠡᠬᠡᠢ ᠶᠢᠨ ᠡᠮᠡᠭᠳᠡᠶᠢᠴᠤᠳ ᠤᠨ ᠪᠠᠶ᠋ᠷ ᠢ ᠤᠭᠲᠤᠬᠤ︾ ᠢᠷᠠᠭᠤ ᠤᠩᠰᠢᠯᠭ᠎ᠠ ᠶᠢᠨ | ᠤᠷᠤᠯᠳᠤᠭᠠᠨ ᠬᠤᠰᠢᠭᠤ ᠤᠯᠠᠭᠠᠨᠮᠥ᠋ᠴᠢᠷ ᠤᠨ ᠲᠤᠭᠯᠠᠯᠲᠠ ᠶᠢᠨ ᠲᠢᠩᠬᠢᠮ ᠳᠤ ᠠᠮᠵᠢᠯᠲᠠ ᠲᠡᠭᠦᠯᠳᠡᠷ | ᠶᠠᠪᠤᠭᠳᠠᠪᠠ᠃ | ᠲᠣᠰ ᠤᠳᠠᠭᠠᠨ ᠤ ᠤᠷᠤᠯᠳᠤᠭᠠᠨ ᠢ ᠬᠢᠲᠠᠳ ᠬᠡᠯᠡᠨ ᠤ ᠳᠤᠭᠤᠶᠢᠯᠠᠩ ᠪᠠ ᠮᠣᠩᠭᠤᠯ ᠬᠡᠯᠡᠨ ᠤ ᠳᠤᠭᠤᠶᠢᠯᠠᠩ | ᠭᠡᠵᠦ ᠬᠤᠪᠢᠶᠠᠵᠤ᠂ ᠨᠡᠶᠢᠲᠡ 25 ᠪᠦᠲᠦᠭᠡᠯ ᠤᠷᠤᠯᠴᠠᠵᠠᠢ᠃ ᠤᠷᠤᠯᠴᠠᠭᠰᠠᠨ ᠪᠦᠲᠦᠭᠡᠯ ᠨᠢ ᠴᠦᠮ | ᠤᠷᠤᠯᠳᠤᠭᠠᠨ ᠳᠤ ᠤᠷᠤᠯᠴᠠᠭᠰᠠᠳ ᠤᠨ ᠦᠪᠡᠷᠰᠡᠳ ᠤᠨ ᠬᠢᠨᠢ ᠪᠦᠲᠦᠭᠡᠯ ᠪᠠᠶᠢᠵᠤ᠂ ᠦᠷᠢᠰᠦᠯᠳᠦᠭᠡᠨᠳᠦ ᠴᠢᠨᠠᠷ | ᠢᠶᠠᠷ ᠴᠢᠩᠭ᠎ᠠ᠂ ᠠᠭᠤᠷ ᠠᠮᠢᠰᠬᠤᠯ ᠬᠦᠭᠵᠢᠶᠠᠨᠳᠠᠢ ᠪᠠᠶᠢᠵᠦ᠂ ᠠᠯᠠᠭ᠎ᠠ ᠲᠠᠰᠢᠯᠲᠠ ᠶᠢᠨ ᠳᠠᠭᠤᠨ ᠦᠶ᠎ᠡ ᠦᠶ᠎ᠡ | ᠨᠢᠵᠢᠬᠢᠨᠡᠵᠤ ᠪᠠᠶᠢᠯ᠎ᠠ᠃ | ᠤᠷᠤᠯᠳᠤᠭᠠᠨ ᠤ ᠡᠴᠦᠰ ᠲᠤ᠂ 32 ᠣᠷᠣᠯᠴᠠᠭᠴᠢ ᠳᠤ ︽ᠬᠠᠮᠤᠭ ᠤᠨ ᠰᠢᠯᠢᠳᠡᠭ ᠤᠩᠰᠢᠭᠴᠢ︾ ᠶᠢᠨ | ᠢᠷᠠᠭᠤ ᠠᠯᠳᠠᠷ ᠤᠨ ᠦᠨᠡᠮᠯᠡᠯ᠂ ᠱᠠᠩᠨᠠᠯ ᠤᠨ ᠬᠤᠨᠳᠠᠭ᠎ᠠ ᠵᠢᠴᠢ ᠨᠣᠮ ᠤᠨ ᠱᠠᠩᠨᠠᠯ ᠤᠯᠭᠤᠵᠠᠢ᠃ ᠲᠤᠰ | ᠤᠷᠤᠯᠳᠤᠭᠠᠨ ᠨᠢ ᠲᠡᠭᠦᠰ ᠠᠮᠵᠢᠯᠲᠠ ᠲᠠᠢ ᠶᠠᠪᠤᠭᠳᠠᠵᠤ ᠂ ᠨᠠᠮ ᠤᠨ ᠳᠠᠭᠤᠨ ᠢ ᠤᠯᠠᠮᠵᠢᠯᠠᠨ᠂ ᠤᠮᠠᠷᠠᠲᠤ | ᠬᠢᠯᠢ ᠶᠢᠨ ᠰᠣᠶᠣᠯ ᠢ ᠤᠯᠠᠮᠵᠢᠯᠠᠨ ᠪᠠᠳᠠᠷᠠᠭᠤᠯᠵᠤ᠂ ᠬᠠᠤᠯᠢ ᠪᠠᠷ ᠵᠠᠰᠠᠬᠤ ᠵᠣᠷᠢᠭ ᠰᠠᠨᠠᠭ᠎ᠠ ᠶᠢ | ᠦᠢᠯᠡᠳᠦᠯᠭᠡᠵᠢᠭᠦᠯᠦᠭᠰᠡᠨ ᠪᠠᠶᠢᠨ᠎ᠠ᠃ |