ᠨᠠᠷᠠᠡᠪᠤᠯᠠᠭ ᠰᠤᠮᠤ ᠲᠠᠯ᠎ᠠ ᠨᠤᠳᠤᠭ ᠤᠨ ᠲᠤᠤᠷᠴᠢᠯᠠᠭᠰᠡᠨ ᠬᠠᠮᠢᠶᠠᠷᠤᠭᠴᠢ ᠶᠢᠨ ᠪᠤᠯᠪᠠᠰᠤᠷᠠᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/3/12
     ᠲᠠᠯ᠎ᠠ ᠨᠤᠳᠤᠭ ᠤᠨ ᠠᠮᠢ ᠠᠬᠤᠢ ᠶᠢᠨ ᠬᠠᠮᠠᠭᠠᠯᠠᠯᠳᠠ ᠶᠢ ᠤᠯᠠᠮ ᠨᠢᠬᠡ ᠠᠯᠬᠤᠮ ᠴᠢᠩᠭᠠᠳᠬᠠᠵᠤ᠂ ᠲᠠᠯ᠎ᠠ ᠨᠤᠳᠤᠭ ᠤᠨ ᠲᠤᠤᠷᠴᠢᠯᠠᠭᠰᠡᠨ ᠬᠠᠮᠢᠶᠠᠷᠤᠭᠴᠢ ᠶᠢᠨ ᠡᠬᠦᠷᠬᠡ ᠴᠢᠳᠠᠪᠤᠷᠢ ᠶᠢ ᠲᠡᠬᠡᠭᠰᠢᠯᠡᠬᠦᠯᠬᠦ ᠶᠢᠨ ᠲᠦᠯᠤᠬᠡ᠂ 2 ᠰᠠᠷ᠎ᠠ ᠶᠢᠨ 25 ᠤ ᠡᠳᠤᠷ᠂ ᠨᠠᠷᠠᠡᠪᠤᠯᠠᠭ ᠰᠤᠮᠤ ᠲᠠᠯ᠎ᠠ ᠨᠤᠳᠤᠭ ᠤᠨ ᠲᠤᠤᠷᠴᠢᠯᠠᠭᠰᠡᠨ ᠬᠠᠮᠢᠶᠠᠷᠤᠭᠴᠢ ᠶᠢᠨ ᠪᠤᠯᠪᠠᠰᠤᠷᠠᠯ ᠤᠨ ᠬᠤᠷᠡᠯ ᠢ ᠵᠤᠬᠢᠶᠠᠨ ᠪᠠᠶᠢᠭᠤᠯᠵᠤ ᠬᠤᠷᠠᠯᠳᠤᠭᠤᠯᠪᠠ᠃ 44 ᠨᠠᠷ᠎ᠠ ᠲᠠᠯ᠎ᠠ ᠨᠤᠳᠤᠭ ᠤᠨ ᠲᠤᠤᠷᠴᠢᠯᠠᠭᠰᠡᠨ ᠬᠠᠮᠢᠶᠠᠷᠤᠭᠴᠢ ᠬᠤᠷᠡᠯ ᠳᠤ ᠤᠷᠤᠯᠴᠠᠪᠠ᠃      ᠬᠤᠷᠡᠯ ᠲᠡᠬᠡᠷ᠎ᠠ᠂ ︽ᠲᠠᠯ᠎ᠠ ᠨᠤᠳᠤᠭ ᠤᠨ ᠲᠤᠤᠷᠴᠢᠯᠠᠭᠰᠡᠨ ᠬᠠᠮᠢᠶᠠᠷᠤᠯᠳᠠ ᠶᠢᠨ ᠠᠵᠢᠯ ᠢ ᠲᠦᠷᠬᠡᠳᠬᠡᠨ ᠠᠬᠢᠭᠤᠯᠬᠤ ᠲᠤᠬᠠᠢ ᠮᠠᠳᠡᠭᠳᠡᠯ︾᠂ ︽ᠠᠪᠠᠭ᠎ᠠ ᠬᠤᠰᠢᠭᠤᠨ ᠤ ᠲᠠᠯ᠎ᠠ ᠨᠤᠳᠤᠭ ᠤᠨ ᠲᠤᠤᠷᠴᠢᠯᠠᠭᠰᠡᠨ ᠬᠠᠮᠢᠶᠠᠷᠤᠯᠳᠠ ᠶᠢᠨ ᠬᠢᠨᠠᠯᠳᠠ ᠬᠠᠮᠢᠶᠠᠷᠤᠯᠳᠠ ᠶᠢᠨ ᠠᠵᠢᠯ ᠤᠨ ᠲᠦᠰᠤᠯ︾ ᠤᠨ ᠵᠤᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠤᠷᠴᠢᠯᠠᠭᠰᠡᠨ ᠬᠠᠮᠢᠶᠠᠷᠤᠭᠴᠢ ᠶᠢᠨ ᠡᠬᠦᠷᠬᠡ ᠬᠠᠷᠢᠭᠤᠴᠠᠯᠭ᠎ᠠ᠂ ᠬᠠᠮᠢᠶᠠᠷᠤᠯᠳᠠ ᠶᠢᠨ ᠠᠷᠭ᠎ᠠ ᠵᠠᠷᠬᠡ ᠲᠠᠯ᠎ᠠ ᠪᠠᠷ ᠪᠤᠯᠪᠠᠰᠤᠷᠠᠯ ᠦᠷᠨᠢᠬᠦᠯᠪᠠ᠃      ᠬᠤᠷᠡᠯ ᠠᠴᠠ ᠵᠢᠭᠠᠵᠤ ᠭᠠᠷᠭᠠᠭᠰᠡᠨ ᠨᠢ᠂ ᠲᠠᠯ᠎ᠠ ᠨᠤᠳᠤᠭ ᠤᠨ ᠲᠤᠤᠷᠴᠢᠯᠠᠭᠰᠡᠨ ᠬᠠᠮᠢᠶᠠᠷᠤᠭᠴᠢ ᠪᠤᠯ ᠲᠠᠯ᠎ᠠ ᠨᠤᠳᠤᠭ ᠤᠨ ᠠᠮᠢ ᠠᠬᠤᠢ ᠶᠢᠨ ᠬᠠᠮᠠᠭᠠᠯᠠᠯᠳᠠ ᠶᠢ ᠴᠢᠩᠭᠠᠳᠬᠠᠵᠤ ᠴᠢᠬᠤᠯᠠ ᠠᠷᠭ᠎ᠠ ᠬᠡᠮᠵᠢᠶ᠎ᠠ ᠪᠤᠯᠤᠨ᠎ᠠ᠂ ᠪᠦᠬᠦ ᠲᠤᠤᠷᠴᠢᠯᠠᠭᠰᠡᠨ ᠬᠠᠮᠢᠶᠠᠷᠤᠭᠴᠢ ᠦᠪᠡᠷ ᠤᠨ ᠡᠬᠦᠷᠬᠡᠯᠡᠵᠤ ᠪᠠᠶᠢᠭ᠎ᠠ ᠬᠠᠷᠢᠭᠤᠴᠠᠯᠭ᠎ᠠ ᠪᠠ ᠡᠬᠦᠷᠬᠡ ᠪᠠᠨ ᠬᠦᠢᠴᠡᠳ ᠲᠠᠨᠢᠵᠤ᠂ ᠬᠠᠷᠢᠭᠤᠴᠠᠯᠭᠠᠳᠤ ᠰᠡᠳᠬᠢᠯᠬᠡ ᠪᠠ ᠲᠤᠯᠭᠠᠮ᠎ᠠ ᠰᠡᠳᠬᠢᠯᠬᠡ ᠪᠠᠨ ᠦᠨᠡᠡᠬᠦ ᠴᠢᠩᠭᠠᠳᠬᠠᠨ᠂ ᠬᠠᠮᠢᠶ᠎ᠠ ᠪᠦᠬᠦᠢ ᠲᠦᠷᠤ ᠶᠢᠨ ᠪᠤᠳᠤᠯᠭ᠎ᠠ ᠬᠠᠤᠯᠢ ᠲᠤᠭᠳᠠᠭᠠᠯ ᠪᠤᠯᠤᠨ ᠲᠤᠬᠠᠶᠢᠯᠠᠭᠰᠡᠨ ᠠᠵᠢᠯ ᠤᠨ ᠮᠠᠳᠡᠯᠬᠡ ᠶᠢ ᠨᠠᠷᠢᠨ ᠬᠢᠨᠠᠮᠠᠭᠠᠢ ᠰᠤᠷᠤᠯᠴᠠᠵᠤ᠂ ᠲᠤᠰ ᠪᠠᠶ᠎ᠠ ᠶᠢᠨ ᠬᠡᠪ ᠴᠢᠳᠠᠪᠤᠷᠢ ᠪᠠᠨ ᠲᠠᠰᠤᠷᠠᠯᠳᠠ ᠦᠬᠡᠢ ᠲᠡᠬᠡᠭᠰᠢᠯᠡᠬᠦᠯᠤᠨ᠂ ᠨᠠᠷᠠᠡᠪᠤᠯᠠᠭ ᠰᠤᠮᠤᠨ ᠤ ᠨᠤᠭᠤᠭᠠᠨ ᠤᠰᠤ ᠬᠦᠬᠡᠮᠳᠦᠭ ᠠᠭᠤᠯᠠ ᠶᠢ ᠰᠠᠶᠢᠳᠤᠷ ᠬᠠᠮᠠᠭᠠᠯᠠᠬᠤ ᠳᠤ ᠬᠦᠴᠤᠨ ᠴᠢᠳᠠᠯ ᠢᠶᠠᠨ ᠡᠷᠬᠦᠬᠦ ᠬᠡᠷᠡᠭᠳᠡᠢ ᠬᠡᠵᠡᠢ᠃      ᠬᠤᠷᠡᠯ ᠠᠴᠠ᠂ ᠨᠢᠬᠡ ᠳᠤ ᠲᠤᠤᠷᠴᠢᠯᠠᠭᠰᠡᠨ ᠬᠠᠮᠢᠶᠠᠷᠤᠭᠴᠢ ᠰᠤᠷᠤᠯᠴᠠᠯᠭ᠎ᠠ ᠪᠠᠨ ᠴᠢᠩᠭᠠᠳᠬᠠᠵᠤ᠂ ᠬᠡᠪ ᠴᠢᠨᠡᠷ ᠢᠶᠠᠨ ᠲᠡᠬᠡᠭᠰᠢᠯᠡᠬᠦᠯᠤᠨ ᠪᠠᠯᠴᠢᠬᠡᠷ ᠤᠨ ᠠᠮᠢ ᠠᠬᠤᠢ ᠶᠢᠨ ᠬᠠᠮᠠᠭᠠᠯᠠᠯᠳᠠ ᠶᠢᠨ ᠬᠠᠮᠢᠶ᠎ᠠ ᠪᠦᠬᠦᠢ ᠲᠦᠷᠤ ᠶᠢᠨ ᠪᠤᠳᠤᠯᠭ᠎ᠠ ᠬᠠᠤᠯᠢ ᠲᠤᠭᠳᠠᠭᠠᠯ ᠪᠠ ᠲᠤᠬᠠᠶᠢᠯᠠᠭᠰᠡᠨ ᠮᠠᠳᠡᠯᠬᠡ ᠶᠢ ᠬᠢᠨᠠᠮᠠᠭᠠᠢ ᠰᠤᠷᠤᠯᠴᠠᠵᠤ᠂ ᠲᠤᠰ ᠪᠠᠶ᠎ᠠ ᠶᠢᠨ ᠬᠡᠪ ᠴᠢᠳᠠᠪᠤᠷᠢ ᠪᠠᠨ ᠲᠠᠰᠤᠷᠠᠯᠳᠠ ᠦᠬᠡᠢ ᠲᠡᠬᠡᠭᠰᠢᠯᠡᠬᠦᠯᠤᠨ᠎ᠠ᠃ ᠬᠤᠶᠡᠷ ᠲᠤ ᠬᠠᠷᠢᠭᠤᠴᠠᠯᠭ᠎ᠠ ᠪᠠᠨ ᠬᠦᠢᠴᠡᠳᠬᠡᠨ᠂ ᠲᠤᠤᠷᠴᠢᠯᠠᠭᠰᠡᠨ ᠬᠠᠮᠢᠶᠠᠷᠤᠯᠳᠠ ᠶᠢᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠲᠤᠭᠤᠷᠢᠨ ᠪᠠᠶᠢᠴᠠᠭᠠᠵᠤ ᠲᠤᠭᠤᠷᠢᠨ ᠠᠵᠢᠯ ᠢ ᠬᠢᠨᠠᠮᠠᠭᠠᠢ ᠦᠷᠨᠢᠬᠦᠯᠵᠤ᠂ ᠠᠰᠠᠭᠤᠳᠠᠯ ᠢ ᠴᠠᠭ ᠲᠤᠬᠠᠢ ᠳᠤᠨᠢ ᠰᠠᠷᠠᠵᠤ ᠮᠠᠳᠡᠬᠦ ᠪᠠ ᠮᠠᠳᠡᠬᠦᠯᠵᠤ᠂ ᠲᠠᠯ᠎ᠠ ᠨᠤᠳᠤᠭ ᠤᠨ ᠠᠮᠢ ᠠᠬᠤᠢ ᠶᠢᠨ ᠲᠤᠭᠤᠷᠢᠨ ᠢ ᠦᠨᠡᠡᠬᠦ ᠰᠠᠶᠢᠳᠤᠷ ᠬᠠᠮᠠᠭᠠᠯᠠᠨ᠎ᠠ᠃ ᠭᠤᠷᠪᠡ ᠳᠤ ᠤᠬᠠᠭᠤᠯᠭ᠎ᠠ ᠪᠠᠨ ᠴᠢᠩᠭᠠᠳᠬᠠᠨ᠂ ᠲᠠᠯ᠎ᠠ ᠨᠤᠳᠤᠭ ᠤᠨ ᠠᠮᠢ ᠠᠬᠤᠢ ᠶᠢᠨ ᠬᠠᠮᠠᠭᠠᠯᠠᠯᠳᠠ ᠶᠢᠨ ᠲᠦᠷᠤ ᠶᠢᠨ ᠪᠤᠳᠤᠯᠭ᠎ᠠ ᠬᠠᠤᠯᠢ ᠲᠤᠭᠳᠠᠭᠠᠯ ᠢ ᠮᠠᠯᠴᠢᠳ ᠲᠤ ᠢᠳᠡᠪᠬᠢᠳᠡᠢ ᠤᠬᠠᠭᠤᠯᠵᠤ᠂ ᠮᠠᠯᠴᠢᠨ ᠲᠦᠮᠡᠨ ᠢ ᠬᠦᠳᠤᠯᠤᠨ ᠵᠢᠯᠤᠭᠤᠳᠴᠤ ᠪᠠᠶᠢᠭᠠᠳ ᠨᠤᠳᠤᠭ ᠤᠨ ᠠᠮᠢ ᠠᠬᠤᠢ ᠶᠢᠨ ᠬᠠᠮᠠᠭᠠᠯᠠᠯᠳᠠ ᠶᠢᠨ ᠠᠵᠢᠯ ᠳᠤ ᠤᠬᠠᠮᠰᠠᠷ ᠠᠴᠠ ᠪᠠᠨ ᠤᠷᠤᠯᠴᠠᠭᠤᠯᠵᠤ᠂ ᠮᠠᠨ ᠤ ᠨᠤᠮᠢᠨ ᠨᠤᠭᠤᠭᠠᠨ ᠬᠡᠷ ᠤᠷᠤᠨ ᠢᠶᠠᠨ ᠬᠠᠮᠳᠤᠪᠠᠷ ᠰᠠᠶᠢᠳᠤᠷ ᠰᠠᠬᠢᠨ ᠬᠠᠮᠠᠭᠠᠯᠠᠨ᠎ᠠ ᠬᠡᠵᠤ ᠴᠢᠬᠤᠯᠠᠴᠢᠯᠠᠪᠠ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号