ᠦᠷᠬᠡᠨ ᠤᠯᠠᠮ ᠮᠠᠯᠴᠢᠨ ᠲᠦᠮᠠᠨ᠂ ᠰᠠᠭᠤᠭᠠᠯᠢ ᠠᠷᠡᠳ ᠲᠤ᠄ | ᠮᠠᠯᠵᠢᠬᠤ ᠤᠷᠤᠨ ᠤ ᠬᠦᠮᠤᠰ ᠤᠨ ᠤᠷᠤᠰᠢᠨ ᠰᠠᠭᠤᠬᠤ ᠤᠷᠴᠢᠨ ᠲᠤᠭᠤᠷᠢᠨ ᠢ ᠴᠡᠭᠴᠡᠯᠡᠨ | ᠰᠠᠶᠢᠵᠢᠷᠠᠭᠤᠯᠬᠤ ᠠᠵᠢᠯ ᠢ ᠪᠦᠬᠦ ᠲᠠᠯ᠎ᠠ ᠪᠠᠷ ᠯᠠᠪᠳᠠᠭᠤᠨ ᠪᠠᠳᠤᠳᠡᠢ ᠠᠬᠢᠭᠤᠯᠤᠨ᠂ ᠰᠤᠮᠤᠨ ᠤ ᠬᠠᠷᠢᠶ᠎ᠠ ᠤᠷᠤᠨ ᠤ | ᠬᠦᠮᠤᠰ ᠤᠨ ᠤᠷᠤᠰᠢᠨ ᠰᠠᠭᠤᠬᠤ ᠤᠷᠴᠢᠨ ᠲᠤᠭᠤᠷᠢᠨ ᠢ ᠦᠨᠡᠡᠬᠦ ᠰᠠᠶᠢᠵᠢᠷᠠᠭᠤᠯᠵᠤ᠂ ᠨᠤᠳᠤᠭ ᠪᠠᠯᠴᠢᠬᠡᠷ ᠤᠨ ᠠᠮᠢ | ᠠᠬᠤᠢ ᠶᠢ ᠰᠠᠶᠢᠳᠤᠷ ᠬᠠᠮᠠᠭᠠᠯᠠᠨ᠂ ᠬᠤᠭ ᠨᠤᠪᠰᠢ ᠪᠤᠬᠢᠷ ᠤᠰᠤ ᠶᠢ ᠲᠤᠷ᠎ᠠ ᠪᠠᠷ ᠢᠶᠠᠨ ᠬᠠᠶᠠᠵᠤ ᠠᠰᠬᠠᠬᠤ | ᠦᠵᠡᠭᠳᠡᠯ ᠢ ᠪᠦᠳᠤᠮᠵᠢᠳᠡᠢ ᠬᠤᠷᠢᠭᠯᠠᠨ ᠵᠤᠭᠰᠤᠭᠠᠬᠤ ᠶᠢᠨ ᠲᠦᠯᠤᠬᠡ᠂ ︽ᠪᠦᠬᠦᠳᠠ ᠨᠠᠶᠢᠷᠠᠮᠳᠠᠬᠤ ᠲᠤᠮᠳᠠᠳᠤ | ᠠᠷᠡᠳ ᠤᠯᠤᠰ ᠤᠨ ᠬᠠᠳᠠᠭᠤ ᠪᠠᠶᠠᠳᠤ ᠬᠠᠶᠠᠭᠳᠠᠮᠠᠯ ᠪᠤᠳᠠᠰ ᠤᠨ ᠤᠷᠴᠢᠨ ᠲᠤᠭᠤᠷᠢᠨ ᠢ ᠪᠤᠬᠢᠷᠳᠤᠭᠤᠯᠬᠤ ᠶᠢ | ᠰᠠᠷᠬᠡᠶᠢᠯᠡᠨ ᠵᠠᠰᠠᠬᠤ ᠬᠠᠤᠯᠢ︾᠂ ︽ᠪᠦᠬᠦᠳᠡ ᠨᠠᠶᠢᠷᠠᠮᠳᠠᠬᠤ ᠲᠤᠮᠳᠠᠳᠤ ᠠᠷᠡᠳ ᠤᠯᠤᠰ ᠤᠨ ᠤᠷᠴᠢᠨ ᠲᠤᠭᠤᠷᠢᠨ | ᠢ ᠬᠠᠮᠠᠭᠠᠯᠠᠬᠤ ᠬᠠᠤᠯᠢ︾᠂ ︽ᠪᠦᠬᠦᠳᠠ ᠨᠠᠶᠢᠷᠠᠮᠳᠠᠬᠤ ᠲᠤᠮᠳᠠᠳᠤ ᠠᠷᠡᠳ ᠤᠯᠤᠰ ᠤᠨ ᠠᠮᠤᠷ ᠢ ᠬᠠᠮᠠᠭᠠᠯᠠᠬᠤ | ᠠᠵᠢᠯ ᠤᠨ ᠬᠠᠮᠢᠶᠠᠷᠤᠯᠳᠠ ᠶᠢᠨ ᠰᠢᠢᠳᠬᠡᠯ ᠤᠨ ᠬᠠᠤᠯᠢ︾ ᠶᠢᠨ ᠬᠤᠯᠪᠤᠭᠳᠠᠯ ᠪᠦᠬᠦᠢ ᠲᠤᠭᠳᠠᠭᠠᠯ ᠢ | ᠦᠡᠳᠤᠰᠤᠯᠡᠨ᠂ ᠡᠳᠤᠬᠡ ᠬᠤᠭ ᠨᠤᠪᠰᠢ ᠪᠤᠬᠢᠷ ᠤᠰᠤ ᠶᠢ ᠲᠤᠷ᠎ᠠ ᠪᠠᠷ ᠢᠶᠠᠨ ᠬᠠᠶᠠᠬᠤ ᠶᠢ ᠴᠠᠭᠠᠵᠠᠯᠠᠬᠤ | ᠬᠤᠯᠪᠤᠭᠳᠠᠯ ᠪᠦᠬᠦᠢ ᠵᠦᠢᠯᠡᠰ ᠢ ᠲᠤᠤᠷᠡᠬᠢ ᠮᠠᠳᠤ ᠮᠡᠳᠡᠭᠳᠡᠶ᠎ᠠ᠄ | ⒈ ᠰᠤᠮᠤᠨ ᠤ ᠬᠠᠷᠢᠶᠠᠨ ᠳᠤ ᠬᠤᠭ ᠨᠤᠪᠰᠢ ᠪᠤᠬᠢᠷ ᠤᠰᠤ ᠶᠢ ᠲᠤᠷ᠎ᠠ ᠪᠠᠷ ᠢᠶᠠᠨ ᠬᠠᠶᠠᠵᠤ ᠠᠰᠬᠠᠵᠤ | ᠪᠤᠯᠬᠤ ᠦᠬᠡᠢ᠂ ᠦᠷᠬᠡᠨ ᠤᠯᠠᠨ ᠮᠠᠯᠴᠢᠳ᠂ ᠰᠠᠭᠤᠭᠠᠯᠢ ᠠᠷᠡᠳ ᠦᠢᠯᠡᠳᠪᠤᠷᠢᠯᠡᠯ ᠠᠮᠢᠳᠤᠷᠡᠯ ᠤᠨ ᠬᠤᠭ ᠨᠤᠪᠰᠢ | ᠪᠠᠨ ᠰᠢᠡᠵᠢᠯᠡᠬᠦ ᠤᠬᠠᠭᠠᠡᠴᠢ ᠪᠠᠷ ᠲᠦᠷᠤᠯ ᠬᠤᠪᠢᠶᠠᠬᠤ ᠶᠢᠨ ᠬᠠᠮᠳᠤ ᠰᠤᠮᠤᠨ ᠤ ᠪᠤᠬᠢᠷᠳᠤᠯ ᠦᠬᠡᠢ ᠢᠯᠴᠢ ᠪᠠᠷ | ᠵᠠᠳᠠᠷᠠᠭᠤᠯᠬᠤ ᠦᠷᠳᠡᠭᠡ ︵ᠰᠤᠮᠤᠨ ᠤ ᠰᠠᠭᠤᠭᠠᠯᠢ ᠲᠤᠭᠤᠷᠢᠭ ᠤᠨ ᠵᠠᠬᠦᠨ ᠬᠤᠶᠢᠳᠤ ᠦᠡᠴᠦᠭ︶ ᠳᠤ ᠬᠦᠷᠬᠡᠵᠤ᠂ | ᠲᠤᠬᠠᠢ ᠶᠢᠨ ᠲᠠᠯᠠᠪᠤᠷ ᠲᠤ ᠤᠷᠴᠢᠨ ᠲᠤᠭᠤᠷᠢᠨ ᠤ ᠠᠷᠢᠭᠤᠨ ᠴᠡᠪᠡᠷ ᠤᠨ ᠠᠵᠢᠯᠴᠢᠳ ᠤᠨ ᠵᠢᠯᠤᠭᠤᠳᠤᠯᠭ᠎ᠠ ᠶᠢ | ᠲᠠᠭᠠᠵᠤ᠂ ᠲᠤᠭᠳᠠᠭᠰᠡᠨ ᠭᠠᠵᠡᠷ ᠲᠤ ᠬᠠᠶᠠᠬᠤ ᠬᠡᠷᠡᠭᠳᠡᠢ᠃ ᠮᠠᠯ ᠤᠨ ᠢᠯᠭᠠᠳᠠᠰᠤ ᠶᠢ ᠬᠤᠭ ᠨᠤᠪᠰᠢ | ᠰᠢᠢᠳᠪᠤᠷᠢᠯᠡᠬᠦ ᠦᠷᠳᠡᠭᠡ ᠪᠠ ᠬᠤᠭ ᠨᠤᠪᠰᠢ ᠶᠢᠨ ᠭᠠᠵᠡᠷ ᠲᠤ ᠬᠠᠶᠠᠵᠤ ᠪᠤᠯᠬᠤ ᠦᠬᠡᠢ᠂ ᠮᠠᠯ ᠤᠨ ᠦᠬᠦᠳᠡᠯ ᠢ | ᠲᠠᠷᠢᠶᠠᠯᠠᠩ ᠮᠠᠯ ᠠᠵᠤ ᠠᠬᠤᠢ ᠶᠢᠨ ᠮᠡᠷᠬᠡᠵᠢᠯ ᠲᠦᠬᠡᠮᠡᠯᠵᠢᠬᠦᠯᠬᠦ ᠦᠢᠯᠡᠴᠢᠯᠡᠬᠡᠨ ᠤ ᠲᠦᠪ ᠲᠠᠢ ᠬᠠᠷᠢᠯᠴᠠᠵᠤ | ᠪᠤᠬᠢᠷᠳᠤᠯ ᠦᠬᠡᠢ ᠰᠢᠢᠳᠪᠤᠷᠢᠯᠡᠬᠦ ᠬᠡᠷᠡᠭᠳᠡᠢ᠃ | ⒉ ᠨᠢᠬᠡᠨᠳᠡ ᠬᠦᠴᠤᠨ ᠦᠬᠡᠢ ᠪᠤᠯᠭᠠᠭᠰᠡᠨ ᠬᠤᠭ ᠨᠤᠪᠰᠢ ᠶᠢᠨ ᠭᠠᠵᠡᠷ ᠲᠤ ᠦᠢᠯᠡᠳᠪᠤᠷᠢᠯᠡᠯ ᠤᠨ ᠬᠤᠭ | ᠨᠤᠪᠰᠢ ᠪᠤᠬᠢᠷ ᠤᠰᠤ ᠶᠢ ᠲᠤᠷ᠎ᠠ ᠪᠠᠷ ᠢᠶᠠᠨ ᠠᠰᠬᠠᠵᠤ ᠬᠠᠶᠠᠬᠤ ᠶᠢ ᠴᠠᠭᠠᠵᠠᠯᠠᠨ᠎ᠠ᠂ ᠨᠢᠬᠡᠨᠳᠡ ᠬᠦᠴᠤᠨ ᠦᠬᠡᠢ | ᠪᠤᠯᠭᠠᠭᠰᠡᠨ ᠬᠤᠭ ᠨᠤᠪᠰᠢ ᠶᠢᠨ ᠭᠠᠵᠡᠷ ᠲᠤ ︽ᠬᠤᠭ ᠨᠤᠪᠰᠢ ᠠᠰᠬᠠᠵᠤ ᠬᠠᠶᠠᠬᠤ ᠶᠢ ᠴᠠᠭᠠᠵᠠᠯᠠᠬᠤ︾ ᠰᠠᠷᠠᠮᠵᠢ | ᠶᠢᠨ ᠫᠠᠶᠢᠰᠠ ᠪᠤᠰᠬᠠᠭᠰᠡᠨ ᠪᠦᠬᠡᠳ 24 ᠴᠠᠭ ᠤᠨ ᠬᠢᠨᠡᠨ ᠡᠵᠡᠮᠳᠡᠬᠦᠷ ᠪᠦᠷᠬᠦᠪᠡ᠂ ᠬᠡᠷᠪᠡ ᠬᠤᠭ ᠨᠤᠪᠰᠢ ᠪᠤᠬᠢᠷ | ᠤᠰᠤ ᠶᠢ ᠲᠤᠷ᠎ᠠ ᠪᠠᠷ ᠬᠠᠶᠠᠵᠤ ᠠᠰᠬᠠᠭᠰᠡᠨ ᠢ ᠤᠯᠵᠤ ᠮᠠᠳᠡᠪᠡᠯ᠂ ᠬᠠᠮᠢᠶ᠎ᠠ ᠪᠦᠬᠦᠢ ᠲᠤᠭᠳᠠᠭᠠᠯ ᠶᠤᠰᠤᠭᠠᠷ | ᠢᠯᠠᠴᠢᠯᠠᠨ ᠬᠠᠤᠯᠢ ᠬᠡᠷᠡᠭᠵᠢᠬᠦᠯᠬᠦ ᠰᠠᠯᠠᠭ᠎ᠠ ᠮᠦᠴᠢᠷ ᠠᠴᠠ ᠬᠠᠮᠢᠶ᠎ᠠ ᠪᠦᠬᠦᠢ ᠬᠠᠷᠢᠭᠤᠴᠠᠯᠭᠠᠳᠠᠨ ᠢ ᠬᠠᠤᠯᠢ | ᠲᠤᠭᠳᠠᠭᠠᠯ ᠶᠤᠰᠤᠭᠠᠷ ᠰᠢᠢᠳᠪᠤᠷᠢᠯᠡᠨ᠎ᠠ᠃ | ⒊ ᠰᠠᠭᠤᠭᠠᠯᠢ ᠲᠤᠭᠤᠷᠢᠭ ᠤᠨ ᠰᠠᠭᠤᠭᠠᠯᠢ ᠠᠷᠡᠳ᠂ ᠬᠤᠳᠠᠯᠳᠤᠭᠠᠴᠢᠨ ᠡᠷᠤᠬᠡ ︽ᠡᠬᠦᠳᠠᠨ ᠡᠮᠤᠨᠡᠬᠢ | ᠭᠤᠷᠪᠡ ᠶᠢ ᠲᠠᠭᠠᠭᠠᠬᠤ ᠦᠢᠯᠡᠴᠢᠯᠡᠭᠡ︾ ᠶᠢᠨ ᠬᠠᠷᠢᠭᠤᠴᠠᠯᠭ᠎ᠠ ᠶᠢ ᠣᠬᠠᠮᠰᠠᠷ ᠠᠴᠠ ᠪᠠᠨ ᠵᠢᠷᠤᠮᠯᠠᠨ ᠰᠠᠬᠢᠨ᠂ | ᠤᠷᠴᠢᠨ ᠲᠤᠭᠤᠷᠢᠨ ᠤ ᠠᠷᠡᠳ ᠴᠡᠪᠡᠷ ᠢ ᠴᠡᠭᠴᠡᠯᠡᠨ ᠵᠠᠰᠠᠬᠤ ᠠᠵᠢᠯᠯᠠᠭᠠᠨ ᠳᠤ ᠢᠳᠡᠪᠬᠢᠳᠡᠢ ᠤᠷᠤᠯᠴᠠᠵᠤ᠂ | ᠤᠷᠴᠢᠨ ᠲᠤᠭᠤᠷᠢᠨ ᠤ ᠠᠷᠡᠭᠤᠨ ᠴᠡᠪᠡᠷ ᠢ ᠴᠡᠭᠴᠡᠯᠡᠨ ᠵᠠᠰᠠᠬᠤ ᠠᠵᠢᠯ ᠢ ᠰᠠᠶᠢᠳᠤᠷ ᠬᠢᠵᠤ᠂ ᠠᠮᠢᠳᠤᠷᠡᠯ ᠤᠨ ᠬᠤᠭ | ᠨᠤᠪᠰᠢ ᠴᠡᠪᠡᠷᠯᠡᠨ ᠲᠡᠬᠡᠬᠡᠪᠤᠷᠢᠯᠡᠬᠦ ᠲᠡᠷᠬᠡ ᠶᠢ ᠡᠳᠤᠷ ᠪᠦᠷᠢ 8᠄00 ᠴᠠᠭ ᠲᠤ ᠰᠤᠮᠤᠨ ᠤ ᠰᠠᠭᠤᠭᠠᠯᠢ ᠲᠤᠭᠤᠷᠢᠭ | ᠲᠤ ᠲᠤᠭᠳᠠᠭᠰᠡᠨ ᠵᠠᠮ ᠱᠤᠭᠤᠮ ᠢᠶᠠᠷ ᠴᠡᠪᠡᠷᠯᠡᠨ ᠲᠡᠬᠡᠬᠡᠪᠤᠷᠢᠯᠡᠨᠠ᠃ | ⒋ ᠠᠵᠤ ᠠᠬᠤᠶᠢᠯᠠᠯ ᠤᠨ ᠬᠤᠭ ᠨᠤᠪᠰᠢ ᠶᠢ ᠦᠪᠡᠰᠤᠪᠠᠨ ᠰᠢᠢᠳᠪᠤᠷᠢᠯᠡᠵᠤ᠂ ᠰᠠᠭᠤᠭᠠᠯᠢ ᠠᠷᠡᠳ ᠤᠨ | ᠠᠮᠢᠳᠤᠷᠡᠯ ᠤᠨ ᠬᠤᠭ ᠨᠤᠪᠰᠢ ᠶᠢᠨ ᠴᠡᠭ ᠲᠤ ᠬᠠᠶᠠᠬᠤ ᠶᠢ ᠴᠠᠭᠠᠵᠠᠯᠠᠵᠤ᠂ ᠨᠠᠬᠦᠷᠡᠰᠤ ᠲᠡᠬᠡᠬᠡᠪᠤᠷᠢᠯᠡᠬᠦ ᠲᠡᠷᠬᠡ | ᠬᠦᠰᠬᠡ ᠶᠢᠨ ᠲᠡᠬᠡᠬᠡᠪᠤᠷᠢᠯᠡᠬᠦ ᠵᠠᠮ ᠲᠠᠭᠤ ᠶᠢᠨ ᠬᠤᠭ ᠨᠤᠪᠰᠢ ᠶᠢ ᠬᠢᠨᠡᠨ ᠬᠠᠮᠢᠶᠠᠷᠤᠨ᠎ᠠ᠃ ᠬᠠᠳᠠᠭᠤ ᠪᠠᠶᠠᠳᠤ | ᠬᠠᠶᠠᠭᠳᠠᠨᠮᠠᠯ ᠪᠤᠳᠠᠰ ᠤᠨ ᠬᠤᠭ ᠨᠤᠪᠰᠢ ᠶᠢ ᠶᠠᠷᠤᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠶᠡᠭᠡ | ᠠᠩᠬᠢ ᠲᠠᠢ ᠬᠠᠷᠢᠯᠴᠠᠵᠤ ᠱᠠᠭᠠᠷᠳᠠᠯᠭ᠎ᠠ ᠶᠤᠰᠤᠭᠠᠷ ᠲᠤᠭᠳᠠᠭᠰᠡᠨ ᠭᠠᠵᠡᠷ ᠲᠤ ᠬᠠᠶᠠᠨ᠎ᠠ᠃ | ⒌ ᠨᠠᠶᠢᠬᠡᠮ ᠤᠨ ᠬᠢᠨᠠᠯᠳᠠ ᠶᠢ ᠴᠢᠩᠭᠠᠷᠠᠭᠤᠯᠤᠨ᠂ ᠤᠯᠠᠨ ᠨᠠᠶᠢᠳᠠ ᠶᠢᠨ ᠤᠷᠤᠯᠴᠠᠬᠤ ᠶᠢ | ᠵᠤᠷᠢᠭᠵᠢᠭᠤᠯᠵᠤ᠂ ᠠᠮᠢ ᠠᠬᠤᠢ ᠤᠷᠴᠢᠨ ᠲᠤᠭᠤᠷᠢᠨ ᠤ ᠬᠠᠤᠯᠢ ᠠᠴᠠ ᠵᠦᠷᠢᠴᠡᠭᠰᠡᠨ ᠦᠢᠯᠡ ᠠᠵᠢᠯᠯᠠᠭ᠎ᠠ ᠶᠢ | ᠬᠠᠤᠯᠢ ᠶᠤᠰᠤᠭᠠᠷ ᠵᠠᠯᠬᠠᠭᠠᠨ ᠰᠢᠢᠳᠬᠡᠵᠤ᠂ ᠤᠯᠠᠨ ᠲᠦᠮᠡᠨ ᠤ ᠤᠷᠴᠢᠨ ᠲᠤᠭᠤᠷᠢᠨ ᠤ ᠡᠷᠬᠡ ᠠᠰᠢᠭ ᠢ ᠪᠠᠳᠤᠯᠠᠨ᠂ | ᠤᠷᠴᠢᠨ ᠲᠤᠭᠤᠷᠢᠨ ᠤ ᠴᠢᠨᠡᠷ ᠴᠢᠡᠰᠠᠭ᠎ᠠ ᠶᠢ ᠦᠨᠡᠡᠬᠦ ᠰᠠᠶᠢᠵᠢᠷᠠᠭᠤᠯᠬᠤ ᠶᠢᠨ ᠲᠤᠰᠠᠳᠠ᠂ ᠰᠤᠮᠤᠨ ᠠᠴᠠ | ᠢᠯᠠᠴᠢᠯᠠᠨ ᠮᠡᠳᠡᠬᠦᠯᠬᠦ ᠬᠠᠯᠠᠮᠰᠢᠯ ᠤᠳᠠᠰᠤ ︵0479 — 2301368︶ ᠲᠤᠬᠢᠷᠠᠭᠤᠯᠵᠤ᠂ ᠦᠷᠬᠡᠨ ᠤᠯᠠᠨ | ᠮᠠᠯᠴᠢᠳ᠂ ᠰᠠᠭᠤᠭᠠᠯᠢ ᠠᠷᠡᠳ ᠢ ᠵᠤᠷᠢᠭᠵᠢᠭᠤᠯᠵᠤ ᠬᠤᠭ ᠨᠤᠪᠰᠢ ᠪᠤᠬᠢᠷ ᠤᠰᠤ ᠶᠢ ᠲᠤᠷ᠎ᠠ ᠪᠠᠷ ᠢᠶᠠᠨ ᠬᠠᠶᠠᠭᠰᠡᠳ | ᠢ ᠴᠠᠭ ᠲᠤᠬᠠᠢ ᠳᠤᠨᠢ ᠢᠯᠠᠴᠢᠯᠠᠨ ᠮᠠᠳᠡᠬᠦᠯᠵᠤ᠂ ᠤᠷᠴᠢᠨ ᠲᠤᠭᠤᠷᠢᠨ ᠤ ᠠᠷᠢᠭᠤᠨ ᠴᠠᠪᠡᠷ ᠪᠠ ᠰᠠᠶᠢᠨ ᠰᠠᠶᠢᠬᠠᠨ | ᠠᠭᠤᠷ ᠠᠮᠢᠰᠬᠤᠯ ᠢ ᠬᠠᠮᠳᠤᠪᠡᠷ ᠪᠤᠢ ᠪᠤᠯᠭᠠᠶ᠎ᠠ᠃ | ᠲᠠᠷᠠᠭᠠᠴᠢ ᠶᠢᠨ ᠠᠯᠬᠤᠮ ᠳᠤ᠂ ᠮᠠᠨ ᠤ ᠰᠤᠮᠤ ᠤᠷᠤᠰᠢᠨ ᠰᠠᠭᠤᠬᠤ ᠤᠷᠴᠢᠨ ᠲᠤᠭᠤᠷᠢᠨ ᠢ ᠴᠡᠭᠴᠡᠯᠡᠨ | ᠵᠠᠰᠠᠬᠤ ᠶᠢ ᠤᠯᠠᠮ ᠨᠢᠬᠡ ᠠᠯᠬᠤᠮ ᠯᠠᠪᠳᠠᠭᠤᠨ ᠪᠠᠳᠤᠳᠡᠢ ᠠᠬᠢᠭᠤᠯᠵᠤ᠂ ᠲᠤᠭᠳᠠᠴᠠ ᠪᠠᠨ ᠲᠡᠬᠦᠯᠳᠡᠷᠵᠢᠬᠦᠯᠤᠨ᠂ | ᠬᠠᠮᠢᠶᠠᠷᠤᠯᠳᠠ ᠪᠠᠨ ᠴᠢᠩᠭᠠᠳᠬᠠᠵᠤ᠂ ᠦᠢᠯᠡᠴᠢᠯᠡᠭᠡ ᠪᠠᠨ ᠰᠢᠯᠢᠳᠡᠭᠵᠢᠬᠦᠯᠤᠨ᠂ ᠮᠠᠨ ᠤ ᠰᠤᠮᠤᠨ ᠤ ᠤᠷᠴᠢᠨ | ᠲᠤᠭᠤᠷᠢᠨ ᠤ ᠡᠷᠡᠬᠦᠯ ᠬᠠᠮᠠᠭᠠᠯᠠᠯ᠂ ᠲᠠᠯ᠎ᠠ ᠨᠤᠳᠤᠭ ᠮᠠᠯᠵᠢᠬᠤ ᠤᠷᠤᠨ ᠤ ᠠᠮᠢ ᠠᠬᠤᠢ ᠶᠢᠨ ᠤᠷᠴᠢᠨ ᠲᠤᠭᠤᠷᠢᠨ ᠢ | ᠤᠯᠠᠮ ᠨᠢᠬᠡ ᠠᠯᠬᠤᠮ ᠪᠠᠬᠢᠵᠢᠬᠦᠯᠤᠨ᠎ᠠ᠃ ᠤᠷᠴᠢᠨ ᠠᠬᠤᠢ ᠶᠢ ᠬᠠᠮᠠᠭᠠᠯᠠᠬᠤ ᠳᠤ ᠬᠦᠮᠤᠨ ᠪᠦᠬᠦᠨ ᠬᠠᠷᠢᠭᠤᠴᠠᠯᠭ᠎ᠠ | ᠲᠠᠢ᠂ ᠪᠢᠳᠠ ᠰᠡᠳᠬᠢᠯ ᠨᠢᠬᠡᠳᠤᠨ ᠬᠦᠴᠤ ᠪᠠᠨ ᠬᠠᠮᠳᠤᠳᠬᠠᠵᠤ᠂ ᠰᠠᠶᠢᠨ ᠰᠠᠶᠢᠬᠠᠨ ᠬᠡᠷ ᠤᠷᠤᠨ ᠢᠶᠠᠨ ᠬᠠᠮᠳᠤ ᠪᠠᠷ | ᠪᠦᠳᠤᠬᠡᠨ ᠪᠠᠶᠢᠭᠤᠯᠤᠶ᠎ᠠ᠃ |