2024 ᠤᠨ ᠤ ᠡᠯ᠎ᠠ ᠵᠥᠢᠯ ᠤᠨ ᠠᠵᠢᠯ ᠢ ᠪᠦᠬᠦ ᠲᠠᠯ᠎ᠠ ᠪᠠᠷ ᠡᠷᠬᠢᠴᠡᠬᠦᠯᠵᠤ᠂ ᠲᠤᠷᠰᠢᠯᠭ᠎ᠠ ᠪᠠᠨ | ᠳ᠋ᠦᠩᠨᠡᠵᠤ᠂ ᠬᠦᠷᠤᠯᠴᠠᠬᠦ ᠦᠬᠡᠢ ᠲᠠᠯ᠎ᠠ ᠪᠠᠨ ᠪᠠᠶᠢᠴᠠᠭᠠᠨ ᠲᠡᠯᠬᠡᠵᠤ᠂ 2025 ᠤᠨ ᠤ ᠠᠵᠢᠯ ᠤᠨ ᠰᠡᠳᠬᠢᠴᠠ | ᠪᠤᠯᠤᠨ ᠠᠷᠭ᠎ᠠ ᠬᠡᠮᠵᠢᠶ᠎ᠠ ᠶᠢ ᠰᠢᠡᠵᠢᠯᠡᠬᠦ ᠤᠬᠠᠭᠠᠡᠴᠢ ᠪᠠᠷ ᠲᠦᠯᠤᠪᠵᠢᠬᠦᠯᠵᠤ᠂ ᠺᠠᠳ᠋ᠷ ᠠᠵᠢᠯᠳᠠᠳ ᠤᠨ ᠡᠬᠦᠷᠬᠡ | ᠬᠠᠷᠢᠭᠤᠴᠠᠯᠭ᠎ᠠ ᠪᠠᠨ ᠬᠦᠢᠴᠡᠳᠬᠡᠬᠦ ᠴᠢᠳᠠᠪᠤᠷᠢ ᠶᠢ ᠴᠢᠨᠠᠭᠰᠢᠳᠠ ᠲᠡᠬᠡᠭᠰᠢᠯᠡᠬᠦᠯᠬᠦ ᠶᠢᠨ ᠲᠦᠯᠤᠬᠡ᠂ 2 ᠰᠠᠷ᠎ᠠ ᠶᠢᠨ | 11 ᠤ ᠡᠳᠤᠷ᠂ ᠶᠡᠬᠡᠭᠤᠤᠯ ᠰᠤᠮᠤ ᠺᠠᠳ᠋ᠷ ᠠᠵᠢᠯᠳᠠᠨ ᠢ ᠬᠢᠨᠡᠨ ᠰᠢᠯᠭᠠᠬᠤ ᠬᠤᠷᠡᠯ ᠬᠤᠷᠠᠯᠳᠤᠨ᠂ ᠪᠦᠬᠦ ᠺᠠᠳ᠋ᠷ | ᠬᠤᠷᠡᠯ ᠳᠤ ᠤᠷᠤᠯᠴᠠᠪᠠ᠃ | ᠬᠢᠨᠡᠨ ᠰᠢᠯᠭᠠᠬᠤ ᠬᠤᠷᠡᠯ ᠢ ᠲᠤᠰᠢᠶᠠᠯ ᠤᠨ ᠲᠤᠭᠠᠴᠢᠯᠳᠠ ᠬᠢᠬᠦ ᠪᠠ ᠠᠷᠡᠳᠴᠢᠯᠡᠯ ᠢᠶᠠᠷ ᠰᠢᠯᠭᠠᠨ ᠦᠨᠡᠯᠡᠬᠦ | ᠶᠢ ᠤᠶᠠᠯᠳᠤᠭᠤᠯᠬᠤ ᠬᠡᠯᠪᠡᠷᠢ ᠪᠠᠷ ᠶᠠᠪᠤᠭᠳᠠᠭᠤᠯᠵᠤ᠂ ᠪᠦᠬᠦ ᠺᠠᠳ᠋ᠷ ᠠᠵᠢᠯᠳᠠᠨ ᠪᠦᠬᠦ ᠵᠢᠯ ᠤᠨ ᠤᠯᠤᠰ ᠲᠦᠷᠤ ᠶᠢᠨ | ᠰᠤᠷᠤᠯᠴᠠᠯᠭ᠎ᠠ᠂ ᠲᠤᠰᠢᠶᠠᠯ ᠬᠠᠷᠢᠭᠤᠴᠠᠯᠭ᠎ᠠ ᠪᠠᠨ ᠬᠦᠢᠴᠡᠳᠬᠡᠬᠦ᠂ ᠠᠷᠢᠭᠤᠨ ᠴᠢᠬᠡᠴᠢ ᠪᠠᠷ ᠪᠠᠶ᠎ᠠ ᠪᠠᠨ ᠵᠠᠰᠠᠬᠤ | ᠵᠢᠴᠢ ᠤᠷᠤᠰᠢᠵᠤ ᠪᠠᠶᠢᠭ᠎ᠠ ᠠᠰᠠᠭᠤᠳᠠᠯ ᠪᠤᠯᠤᠨ ᠲᠠᠷᠠᠭᠠᠴᠢ ᠶᠢᠨ ᠠᠯᠬᠤᠮ ᠤᠨ ᠠᠵᠢᠯ ᠤᠨ ᠲᠦᠯᠤᠪᠯᠡᠭᠡ ᠶᠢ ᠨᠠᠷᠢᠨ | ᠬᠢᠨᠠᠮᠠᠭᠠᠢ ᠬᠠᠷᠢᠴᠠᠭᠤᠯᠤᠨ ᠨᠢᠬᠡᠳ ᠨᠢᠬᠡ ᠪᠠᠷ ᠲᠤᠰᠢᠶᠠᠯ ᠤᠨ ᠲᠤᠭᠠᠴᠢᠯᠳᠠ ᠬᠢᠪᠡ᠃ | ᠲᠤᠰᠢᠶᠠᠯ ᠤᠨ ᠲᠤᠭᠠᠴᠢᠯᠳᠠ ᠲᠠᠭᠤᠰᠤᠭᠰᠡᠨ ᠤ ᠲᠠᠷᠠᠭ᠎ᠠ᠂ ᠬᠤᠷᠡᠯ ᠳᠤ ᠤᠷᠤᠯᠴᠠᠭᠰᠡᠨ ᠪᠦᠬᠦ ᠬᠦᠮᠤᠰ ︽ | ᠨᠠᠷᠠ ᠲᠡᠮᠳᠡᠭᠯᠡᠬᠦ ᠦᠬᠡᠢ︾ ᠬᠡᠯᠪᠡᠷᠢ ᠪᠠᠷ ᠺᠠᠳ᠋ᠷᠴᠤᠳ ᠲᠤ ᠠᠷᠡᠳᠴᠢᠯᠡᠯ ᠤᠨ ᠦᠨᠡᠯᠡᠯᠳᠡ ᠬᠢᠪᠡ᠃ ᠪᠤᠰᠤᠳᠴᠢ᠂ | ᠡᠷᠬᠡ ᠲᠡᠭᠰᠢ᠂ ᠲᠦᠪ ᠭᠤᠤᠯᠴᠢ᠂ ᠢᠯᠡ ᠲᠤᠳᠤ ᠪᠠᠶᠢᠬᠤ ᠵᠠᠷᠴᠢᠮ ᠢ ᠪᠠᠷᠢᠮᠳᠠᠯᠠᠨ᠂ ᠺᠠᠳ᠋ᠷ ᠠᠵᠢᠯᠳᠠᠨ ᠤ ᠡᠳᠤᠷ | ᠲᠤᠳᠤᠮ ᠤᠨ ᠢᠯᠡᠷᠡᠯ ᠲᠠᠢ ᠤᠶᠠᠯᠳᠤᠭᠤᠯᠤᠨ᠂ ᠺᠠᠳ᠋ᠷ ᠨᠢᠬᠡᠪᠤᠷᠢ ᠳᠤ ︽ᠮᠤᠷᠡᠯ᠂ ᠴᠢᠳᠠᠪᠤᠷᠢ᠂ ᠠᠵᠢᠯᠴᠢ᠂ | ᠪᠦᠳᠤᠮᠵᠢ᠂ ᠠᠷᠢᠭᠤᠨ ᠴᠢᠬᠡᠴᠢ︾ ᠪᠠᠶᠢᠬᠤ ᠲᠠᠯ᠎ᠠ ᠠᠴᠠ ᠦᠨᠡᠯᠡᠯᠳᠡ ᠬᠢᠪᠠ᠃ | ᠬᠤᠷᠡᠯ ᠤᠨ ᠡᠴᠦᠰ ᠲᠤ᠂ ᠰᠤᠮᠤᠨ ᠤ ᠨᠠᠮ ᠤᠨ ᠬᠤᠷᠢᠶᠠᠨ ᠤ ᠱᠦᠵᠢ ᠲᠤᠰ ᠤᠳᠠᠭᠠᠨ ᠤ ᠬᠢᠨᠡᠨ ᠰᠢᠯᠭᠠᠬᠤ | ᠬᠤᠷᠡᠯ ᠳᠤ ᠳ᠋ᠦᠩᠨᠡᠯᠳᠡ ᠬᠢᠵᠤ᠂ ᠪᠦᠬᠦ ᠺᠠᠳ᠋ᠷ ᠠᠵᠢᠯᠳᠠᠨ ᠤ 2024 ᠤᠨ ᠳᠤ ᠤᠯᠤᠭᠰᠡᠨ ᠠᠮᠵᠢᠯᠳᠠ ᠪᠦᠳᠤᠮᠵᠢ | ᠶᠢ ᠬᠦᠢᠴᠡᠳ ᠨᠤᠳᠠᠯᠠᠭᠰᠡᠨ ᠤ ᠬᠠᠮᠳᠤ ᠪᠠᠰᠠ ᠤᠷᠤᠰᠢᠵᠤ ᠪᠠᠶᠢᠭ᠎ᠠ ᠠᠰᠠᠭᠤᠳᠠᠯ ᠪᠠ ᠬᠦᠷᠤᠯᠴᠠᠬᠦ ᠦᠬᠡᠢ ᠲᠠᠯ᠎ᠠ ᠶᠢ | ᠵᠢᠭᠠᠵᠤ ᠭᠠᠷᠭᠠᠪᠠ᠃ ᠲᠠᠷᠠ ᠴᠢᠬᠤᠯᠠᠴᠢᠯᠠᠭᠰᠡᠨ ᠨᠢ᠂ ᠨᠢᠬᠡ ᠳᠤ ᠰᠤᠷᠤᠯᠴᠠᠬᠤ ᠤᠷᠮ᠎ᠠ ᠵᠤᠷᠢᠭ ᠨᠢ ᠰᠢᠨ᠎ᠠ | ᠲᠡᠬᠡᠭᠰᠢᠯᠡᠯᠳᠡ ᠲᠠᠢ ᠪᠠᠶᠢᠬᠤ ᠬᠡᠷᠡᠭᠳᠡᠢ᠃ ᠰᠢ ᠶᠢᠨ ᠫᠢᠡᠭ ᠶᠠᠷᠤᠩᠬᠡᠢ ᠱᠦᠵᠢ ᠶᠢᠨ ᠴᠢᠬᠤᠯᠠ ᠶᠠᠷᠢᠶᠠᠨ ᠤ ᠵᠤᠷᠢᠭ | ᠰᠠᠨᠠᠭ᠎ᠠ ᠶᠢ ᠰᠠᠨᠠᠭᠠᠴᠢᠯᠠᠭ᠎ᠠ ᠠᠴᠠ ᠪᠠᠨ ᠰᠤᠷᠤᠯᠴᠠᠵᠤ᠂ ᠰᠠᠶᠢᠳᠤᠷ ᠰᠤᠷᠤᠯᠴᠠᠵᠤ᠂ ᠰᠠᠶᠢᠳᠤᠷ ᠲᠤᠤᠱᠯᠠᠭᠤᠯᠵᠤ᠂ | ᠤᠨᠤᠯ ᠤᠨ ᠪᠤᠯᠪᠠᠰᠤᠷᠠᠯ ᠢᠶᠠᠨ ᠲᠠᠰᠤᠷᠠᠯᠳᠠ ᠦᠬᠡᠢ ᠲᠡᠬᠡᠭᠰᠢᠯᠡᠬᠦᠯᠬᠦ ᠬᠡᠷᠡᠭᠳᠡᠢ᠃ ᠬᠤᠶᠡᠷ ᠲᠤ ᠦᠵᠡᠯ ᠰᠠᠨᠠᠭ᠎ᠠ | ᠲᠠᠨᠢᠯᠳᠠ ᠪᠠᠨ ᠰᠢᠨ᠎ᠠ ᠲᠡᠬᠡᠭᠰᠢᠯᠡᠯᠳᠡ ᠲᠠᠢ ᠪᠤᠯᠭᠠᠬᠤ ᠬᠡᠷᠡᠭᠳᠡᠢ᠃ | 2025 ᠤᠨ ᠪᠤᠯ ︽ᠠᠷᠪᠠᠨ ᠲᠦᠷᠪᠡᠳᠤᠬᠡᠷ ᠲᠡᠪᠤᠨ ᠵᠢᠯ︾ ᠤᠨ ᠲᠦᠯᠤᠪᠵᠢᠬᠦᠯᠬᠡ ᠶᠢᠨ ᠲᠡᠬᠦᠰᠬᠡᠯ ᠤᠨ | ᠵᠢᠯ ᠪᠤᠯᠤᠨ᠎ᠠ᠃ ᠪᠦᠬᠦ ᠺᠠᠳ᠋ᠷᠴᠤᠳ ᠡᠨ᠋ᠨ ᠵᠢᠯ ᠤᠨ ᠠᠵᠢᠯ ᠢ ᠰᠠᠶᠢᠳᠤᠷ ᠬᠢᠬᠦ ᠶᠢᠨ ᠴᠢᠬᠤᠯᠠ ᠶᠡᠭᠡ ᠠᠴᠢ | ᠬᠤᠯᠪᠤᠭᠳᠠᠯ ᠢ ᠬᠦᠡᠵᠡᠬᠡᠢ ᠲᠠᠨᠢᠵᠤ᠂ ᠬᠤᠰᠢᠭᠤ ᠨᠠᠮ ᠤᠨ ᠬᠤᠷᠢᠶ᠎ᠠ ᠵᠠᠰᠠᠭ ᠤᠨ ᠤᠷᠳᠤᠨ ᠤ ᠶᠡᠷᠤᠩᠬᠡᠢ | ᠪᠠᠶᠢᠷᠢᠯᠠᠭᠤᠯᠤᠯᠳᠠ ᠶᠢ ᠴᠢᠩᠭ᠎ᠠ ᠵᠢᠷᠤᠮᠯᠠᠨ᠂ ᠰᠤᠮᠤᠨ ᠤ ᠪᠤᠳᠡᠳᠡᠢ ᠲᠠᠢ ᠪᠠᠨ ᠤᠶᠠᠯᠳᠤᠭᠤᠯᠵᠤ᠂ ᠴᠢᠭᠯᠡᠯ ᠢᠶᠠᠨ | ᠤᠨᠤᠪᠴᠢᠳᠡᠢ ᠡᠵᠡᠮᠳᠡᠨ᠂ ᠬᠦᠴᠤᠷᠬᠡᠭ ᠶᠡᠭᠡ ᠨᠠᠶᠢᠯᠠᠮᠠᠯ ᠬᠦᠴᠤᠨ ᠢ ᠨᠢᠭᠳᠠᠷᠠᠭᠤᠯᠵᠤ᠂ ᠡᠯ᠎ᠠ ᠵᠥᠢᠯ ᠤᠨ ᠠᠵᠢᠯ ᠤᠨ | ᠲᠡᠬᠢᠨ ᠰᠢᠨ᠎ᠠ ᠲᠡᠭᠳᠡᠷ ᠲᠤ ᠭᠠᠷᠬᠤ ᠶᠢ ᠪᠠᠳᠤᠯᠠᠬᠤ ᠬᠡᠷᠡᠭᠳᠡᠢ᠃ ᠭᠤᠷᠪᠠ ᠳᠤ ᠠᠵᠢᠯ ᠤᠨ ᠰᠤᠷᠳᠠᠯ ᠢᠶᠠᠨ ᠰᠢᠨ᠎ᠠ | ᠪᠠᠶᠢᠳᠠᠯ ᠲᠠᠢ ᠪᠤᠯᠭᠠᠬᠤ ᠬᠡᠷᠡᠭᠳᠡᠢ᠃ ᠪᠦᠬᠦ ᠺᠠᠳ᠋ᠷᠴᠤᠳ ᠬᠠᠷᠢᠯᠴᠠᠨ ᠬᠢᠨᠡᠯᠳᠡ ᠲᠠᠯᠪᠢᠵᠤ᠂ ᠲᠤᠳᠠᠭᠤᠳᠠᠯ ᠪᠠᠭᠤᠷᠠᠢ | ᠲᠠᠯ᠎ᠠ ᠪᠠᠨ ᠨᠦᠬᠦᠪᠤᠷᠢᠯᠡᠵᠤ᠂ ᠠᠵᠢᠯ ᠤᠨ ᠡᠪᠡᠷᠰᠢᠶᠠᠯ᠂ ᠬᠦᠴᠢᠷ ᠠᠰᠠᠭᠤᠳᠠᠯ ᠢ ᠠᠵᠢᠯ ᠤᠨ ᠬᠢᠯᠠᠰ ᠴᠡᠭ | ᠪᠤᠯᠭᠠᠵᠤ᠂ ᠦᠯᠢᠬᠡᠷ ᠲᠠᠭᠤᠷᠢᠶᠠᠯ ᠠᠴᠠ ᠲᠠᠭᠠᠨ ᠰᠤᠷᠤᠯᠴᠠᠨ ᠬᠠᠮᠳᠤ ᠪᠠᠷ ᠲᠠᠪᠰᠢᠬᠤ ᠬᠡᠷᠡᠭᠳᠡᠢ ᠬᠡᠪᠡ᠃ |