ᠪᠠᠳᠠᠷᠠᠩᠭᠤᠢ
     ᠪᠠᠳᠠᠷᠠᠩᠭᠤᠢ      ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ      ᠲᠣᠪᠴᠢ ᠲᠠᠨᠢᠯᠴᠠᠭᠤᠯᠭ᠎ᠠ      ᠪᠠᠳᠠᠷᠠᠩᠭᠤᠢ᠂ ᠡᠷᠡᠭᠲᠡᠶ᠂ ᠮᠣᠩᠭᠤᠯ ᠦᠨᠳᠦᠰᠦᠲᠡᠨ᠂ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ  ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠃ ᠤᠳᠤ ᠠᠪᠠᠭ᠎ᠠ ᠬᠤᠰᠢᠭᠤᠨ ᠤ ᠬᠤᠷᠢᠶᠠᠨ ᠤ ᠪᠠᠶᠢᠩᠭᠤ ᠶᠢᠨ ᠬᠡᠰᠢᠬᠦᠨ᠂ ᠵᠠᠰᠠᠭ ᠤᠨ ᠤᠷᠳᠤᠨ ᠤ ᠬᠤᠰᠢᠭᠤ ᠳᠡᠳ᠋ ᠳᠠᠷᠤᠭ᠎ᠠ ᠶᠢᠨ ᠲᠤᠰᠢᠶᠠᠯ ᠢ ᠬᠠᠷᠢᠭᠤᠴᠠᠵᠤ ᠪᠠᠶᠢᠨ᠎ᠠ᠃      ᠠᠵᠢᠯ ᠤᠨ ᠬᠤᠪᠢᠶᠠᠷᠢᠯᠠᠯ      ᠬᠤᠰᠢᠭᠤ ᠳᠠᠷᠤᠭ᠎ᠠ ᠶᠢ ᠬᠠᠪᠰᠤᠷᠤᠨ ᠦᠨᠳᠦᠰᠦᠲᠡᠨ ᠤ ᠬᠡᠷᠡᠭ ᠶᠠᠪᠤᠳᠠᠯ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠭᠠᠳᠠᠭᠠᠳᠤ ᠶᠠᠪᠤᠳᠠᠯ᠂ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ᠂ ᠤᠰᠤᠨ ᠠᠰᠢᠭᠯᠠᠯᠲᠠ᠂ ᠡᠮ ᠡᠮᠨᠡᠯᠭᠡ ᠶᠢᠨ ᠪᠠᠲᠤᠯᠠᠭ᠎ᠠ᠂ ᠲᠡᠦᠬᠡ ᠤᠶᠢᠯᠠᠯᠭ᠎ᠠ ᠵᠡᠷᠭᠡ ᠲᠠᠯ᠎ᠠ ᠶᠢᠨ ᠠᠵᠢᠯ ᠢ ᠨᠢᠭᠡᠳᠦᠯᠲᠡᠶ ᠲᠥᠯᠥᠪᠯᠡᠨ᠎ᠡ᠃      ᠦᠨᠳᠦᠰᠦᠲᠡᠨ ᠤ ᠬᠡᠷᠡᠭ ᠶᠠᠪᠤᠳᠠᠯ ᠤᠨ ᠵᠥᠪᠯᠡᠯ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ︵ᠮᠣᠩᠭᠤᠯ ᠬᠢᠲᠠᠳ ᠡᠮ ᠡᠮᠨᠡᠯᠭᠡ ᠶᠢᠨ ᠬᠠᠮᠢᠶᠠᠷᠤᠯᠲᠠ ᠶᠢᠨ ᠲᠣᠪᠴᠢᠶ᠎ᠠ᠂ ᠡᠬᠡ ᠤᠷᠤᠨᠴᠢ ᠡᠷᠡᠭᠦᠯ ᠬᠠᠮᠠᠭᠠᠯᠠᠯ ᠤᠨ ᠬᠥᠳᠡᠯᠭᠡᠭᠡᠨ ᠤ ᠵᠥᠪᠯᠡᠯ︶᠂ ᠭᠠᠳᠠᠭᠠᠳᠤ ᠶᠠᠪᠤᠳᠠᠯ ᠤᠨ ᠠᠯᠪᠠᠨ ᠬᠡᠷ᠂ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ᠂ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠣᠶ ᠰᠢᠭᠤᠶ ᠨᠤᠲᠤᠭ ᠪᠡᠯᠴᠢᠭᠡᠷ ᠪᠠ ᠤᠰᠤᠨ ᠠᠰᠢᠭᠯᠠᠯᠲᠠ ᠶᠢᠨ ᠲᠣᠪᠴᠢᠶ᠎ᠠ ︵ᠭᠤᠣᠯᠳᠠᠭᠤ ᠤᠰᠤᠨ ᠠᠰᠢᠭᠯᠠᠯᠲᠠ ᠶᠢᠨ ᠠᠵᠢᠯ︶᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠥᠪ ︵ᠵᠠᠰᠠᠭ ᠤᠨ ᠣᠷᠳᠣᠨ ᠤ ᠬᠤᠳᠠᠯᠳᠤᠨ ᠠᠪᠬᠤ ᠲᠥᠪ︶ ᠢ ᠬᠤᠪᠢᠳᠠᠨ ᠬᠠᠮᠢᠶᠠᠷᠤᠨ᠎ᠠ᠃      ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ᠂ ᠨᠢᠭᠡᠳᠦᠮᠡᠯ ᠹᠷᠣᠨᠲ ᠤᠨ ᠬᠡᠯᠲᠡᠰ᠂ ᠠᠬᠠᠮᠠᠳ ᠺᠠᠳ᠋ᠷ ᠤᠨ ᠲᠣᠪᠴᠢᠶ᠎ᠠ᠂ ᠨᠠᠮ ᠤᠨ ᠲᠡᠦᠬᠡ ᠣᠷᠣᠨ ᠨᠤᠲᠤᠭ ᠤᠨ ᠣᠶᠢᠯᠠᠯᠭ᠎ᠠ ᠰᠤᠳᠤᠯᠬᠤ ᠲᠠᠰᠤᠭ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠵᠡᠮᠳᠡᠭᠴᠦᠳ ᠤᠨ ᠬᠤᠯᠪᠣᠭ᠎ᠠ ᠲᠠᠢ ᠬᠠᠷᠢᠯᠴᠠᠨ᠎ᠠ᠃      ᠵᠠᠰᠠᠭ ᠤᠨ ᠣᠷᠳᠣᠨ ᠤ ᠭᠤᠣᠯ ᠤᠳᠤᠷᠢᠳᠤᠯᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号