ᠮᠦᠷᠡᠨ
ᠨᠡᠶᠢᠲᠡᠯᠡᠭᠰᠡᠨ ᠴᠠᠭ᠄
2025/3/13
     ᠮᠥᠷᠡᠨ      ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠬᠤᠰᠢᠭᠤ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠨᠠᠮ ᠤᠨ ᠬᠤᠷᠢᠶᠠᠨ ᠤ ᠱᠦᠵᠢ᠂ ᠲᠣᠪᠴᠢᠶᠠᠨ ᠳᠠᠷᠤᠭ᠎ᠠ      ᠲᠣᠪᠴᠢ ᠲᠠᠨᠢᠯᠴᠠᠭᠤᠯᠭ᠎ᠠ      ᠮᠥᠷᠡᠨ᠂ ᠡᠷᠡᠭᠲᠡᠶ᠂ ᠮᠣᠩᠭᠤᠯ ᠦᠨᠳᠦᠰᠦᠲᠡᠨ᠂ 1967 ᠣᠨ ᠤ 9 ᠰᠠᠷ᠎ᠠ ᠳᠤ ᠲᠦᠷᠦᠪᠡ᠂ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠃ ᠤᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠯᠢ ᠶᠢᠨ ᠭᠤᠣᠯ ᠠᠶᠢᠮᠠᠭ ᠤᠨ ᠠᠪᠠᠭ᠎ᠠ ᠬᠤᠰᠢᠭᠤᠨ ᠤ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠨᠠᠮ ᠤᠨ ᠬᠤᠷᠢᠶᠠᠨ ᠤ ᠱᠦᠵᠢ᠂ ᠲᠣᠪᠴᠢᠶᠠᠨ ᠳᠠᠷᠤᠭ᠎ᠠ ᠶᠢᠨ ᠲᠤᠰᠢᠶᠠᠯ ᠢ ᠬᠠᠷᠢᠭᠤᠴᠠᠵᠤ ᠪᠠᠶᠢᠨ᠎ᠠ᠃      ᠠᠵᠢᠯ ᠤᠨ ᠬᠤᠪᠢᠶᠠᠷᠢᠯᠠᠯ      ᠬᠤᠰᠢᠭᠤ ᠳᠠᠷᠤᠭ᠎ᠠ ᠶᠢ ᠬᠠᠪᠰᠤᠷᠤᠨ ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠬᠤ᠂ ᠵᠠᠬᠢᠳᠠᠯ ᠰᠤᠷᠪᠤᠯᠵᠢᠯᠠᠭ᠎ᠠ ᠶᠢᠨ ᠵᠥᠷᠢᠴᠡᠯ ᠢ ᠨᠠᠮᠳᠠᠭᠤᠯᠬᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠪᠠ ᠳᠣᠲᠣᠭᠠᠳᠤ ᠶᠢ ᠬᠠᠮᠠᠭᠠᠯᠠᠬᠤ᠂ ᠬᠠᠤᠯᠢ ᠴᠠᠭᠠᠵᠠ ᠵᠡᠷᠭᠡ ᠲᠠᠯ᠎ᠠ ᠶᠢᠨ ᠠᠵᠢᠯ ᠢ ᠨᠢᠭᠡᠳᠦᠯᠲᠡᠶ ᠲᠥᠯᠥᠪᠯᠡᠨ᠎ᠡ᠃ ᠬᠤᠰᠢᠭᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠠᠵᠢᠯ ᠢ ᠡᠷᠭᠢᠯᠡᠵᠦ᠂ ᠬᠠᠤᠯᠢ ᠴᠠᠭᠠᠵᠠ ᠶᠢᠨ ᠲᠣᠪᠴᠢᠶ᠎ᠠ᠂ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ ᠶᠢ ᠬᠤᠪᠢᠳᠠᠨ ᠬᠠᠮᠢᠶᠠᠷᠤᠨ᠎ᠠ᠃      ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ᠂ ᠵᠡᠪᠰᠡᠭᠲᠦ ᠴᠠᠭᠳᠠᠭ᠎ᠠ ᠶᠢᠨ ᠳᠣᠲᠣᠭᠠᠳᠤ ᠬᠠᠮᠠᠭᠠᠯᠠᠯᠲᠠ ᠶᠢᠨ ᠳᠤᠮᠳᠠ ᠠᠩᠭᠢ᠂ ᠬᠢᠯᠢ ᠶᠢᠨ ᠬᠠᠮᠢᠶᠠᠷᠤᠯᠲᠠ ᠶᠢᠨ ᠶᠡᠭᠡ ᠠᠩᠭᠢ ᠲᠠᠢ ᠬᠠᠷᠢᠯᠴᠠᠨ᠎ᠠ᠃      ᠵᠠᠰᠠᠭ ᠤᠨ ᠣᠷᠳᠣᠨ ᠤ ᠭᠤᠣᠯ ᠤᠳᠤᠷᠢᠳᠤᠯᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号