ᠭᠧ ᠶᠥᠩ ᠵᠢᠶᠦ᠋ᠨ | ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠨᠠᠮ ᠤᠨ | ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ ᠬᠤᠰᠢᠭᠤ ᠳᠡᠳ᠋ ᠳᠠᠷᠤᠭ᠎ᠠ᠂ ᠵᠠᠰᠠᠭ ᠵᠠᠬᠢᠷᠭᠠᠨ ᠤ | ᠰᠤᠷᠭᠠᠭᠤᠯᠢ ᠶᠢᠨ ᠵᠠᠬᠢᠷᠤᠯ | ᠲᠣᠪᠴᠢ ᠲᠠᠨᠢᠯᠴᠠᠭᠤᠯᠭ᠎ᠠ | ᠭᠧ ᠶᠦᠩ ᠵᠢᠶᠦ᠋ᠨ᠂ ᠡᠷᠡᠭᠲᠡᠶ᠂ ᠮᠣᠩᠭᠤᠯ ᠦᠨᠳᠦᠰᠦᠲᠡᠨ᠂ 1976 ᠣᠨ ᠤ 6 ᠰᠠᠷ᠎ᠠ ᠳᠤ ᠲᠦᠷᠦᠪᠡ᠂ | 2005 ᠣᠨ ᠤ 7 ᠰᠠᠷ᠎ᠠ ᠳᠤ ᠳᠤᠮᠳᠠᠳᠤ ᠤᠯᠤᠰ ᠤᠨ ᠡᠪ ᠬᠠᠮᠲᠤ ᠨᠠᠮ ᠳᠤ ᠡᠯᠰᠡᠭᠳᠡᠨ᠂ ᠶᠡᠭᠡ ᠰᠤᠷᠭᠠᠭᠤᠯᠢ ᠶᠢᠨ | ᠰᠤᠷᠤᠯᠭ᠎ᠠ ᠶᠢᠨ ᠨᠠᠮᠲᠠᠷ ᠲᠠᠢ᠃ ᠤᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠪᠠᠭ᠎ᠠ | ᠬᠤᠰᠢᠭᠤᠨ ᠤ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ | ᠳᠤᠭᠤᠶᠢᠯᠠᠩ ᠤᠨ ᠳᠡᠳ᠋ ᠱᠦᠵᠢ᠂ ᠬᠤᠰᠢᠭᠤ ᠳᠡᠳ᠋ ᠳᠠᠷᠤᠭ᠎ᠠ᠂ ᠵᠠᠰᠠᠭ ᠵᠠᠬᠢᠷᠭᠠᠨ ᠤ ᠰᠤᠷᠭᠠᠭᠤᠯᠢ ᠶᠢᠨ ᠵᠠᠬᠢᠷᠤᠯ ᠤᠨ | ᠲᠤᠰᠢᠶᠠᠯ ᠢ ᠬᠠᠷᠢᠭᠤᠴᠠᠵᠤ ᠪᠠᠶᠢᠨ᠎ᠠ᠃ | ᠠᠵᠢᠯ ᠤᠨ ᠬᠤᠪᠢᠶᠠᠷᠢᠯᠠᠯ | ᠵᠠᠰᠠᠭ ᠤᠨ ᠣᠷᠳᠣᠨ ᠤ ᠪᠠᠶᠢᠩᠭᠤ ᠶᠢᠨ ᠠᠵᠢᠯ ᠢ ᠬᠠᠷᠢᠭᠤᠴᠠᠵᠤ᠂ ᠬᠤᠰᠢᠭᠤ ᠳᠠᠷᠤᠭ᠎ᠠ ᠶᠢ ᠬᠠᠪᠰᠤᠷᠤᠨ | ᠰᠤᠷᠭᠠᠨ ᠬᠥᠮᠦᠵᠢᠯ᠂ ᠬᠥᠮᠦᠨ ᠤ ᠬᠦᠴᠦᠨ ᠤ ᠡᠬᠢ ᠪᠠᠶᠠᠯᠢᠭ᠂ ᠨᠡᠶᠢᠭᠡᠮ ᠤᠨ ᠪᠠᠲᠤᠯᠠᠭ᠎ᠠ᠂ ᠠᠵᠢᠯ ᠣᠯᠭᠤᠵᠤ | ᠠᠳᠠᠯ ᠦᠢᠯᠡᠰ ᠴᠣᠭᠴᠠᠯᠠᠬᠤ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠬᠤᠳᠠᠯᠳᠤᠭ᠎ᠠ ᠡᠵᠡᠩᠨᠡᠬᠦ ᠣᠷᠴᠢᠨ | ᠲᠣᠭᠤᠷᠢᠨ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ ᠲᠤᠭ᠎ᠠ ᠪᠠᠷᠢᠮᠲᠠ ᠶᠢᠨ ᠬᠠᠮᠢᠶᠠᠷᠤᠯᠲᠠ᠂ | ᠪᠠᠶᠢᠭᠤᠯᠭ᠎ᠠ ᠶᠢᠨ ᠶᠠᠪᠤᠳᠠᠯ ᠵᠡᠷᠭᠡ ᠲᠠᠯ᠎ᠠ ᠶᠢᠨ ᠠᠵᠢᠯ ᠢ ᠨᠢᠭᠡᠳᠦᠯᠲᠡᠶ ᠲᠥᠯᠥᠪᠯᠡᠨ᠎ᠡ᠃ | ᠵᠠᠰᠠᠭ ᠤᠨ ᠣᠷᠳᠣᠨ ᠤ ᠠᠯᠪᠠᠨ ᠬᠡᠷ᠂ ᠰᠤᠷᠭᠠᠨ ᠬᠥᠮᠦᠵᠢᠯ ᠤᠨ ᠲᠣᠪᠴᠢᠶ᠎ᠠ᠂ ᠬᠥᠮᠦᠨ ᠤ ᠬᠦᠴᠦᠨ ᠤ ᠡᠬᠢ | ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ︵ᠨᠡᠶᠢᠭᠡᠮ ᠤᠨ ᠳᠠᠭᠠᠳᠬᠠᠯ ᠤᠨ ᠦᠢᠯᠡᠰ ᠤᠨ | ᠬᠠᠮᠢᠶᠠᠷᠤᠯᠲᠠ ᠶᠢᠨ ᠲᠥᠪ᠂ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠲᠥᠪ᠂ ᠠᠵᠢᠯ | ᠣᠯᠭᠤᠯᠲᠠ ᠶᠢᠨ ᠦᠢᠯᠡᠴᠢᠯᠡᠭᠡᠨ ᠤ ᠲᠥᠪ︶᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ | ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ | ︵ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ︶᠂ ᠪᠠᠶᠢᠭᠤᠯᠭ᠎ᠠ ᠶᠢᠨ ᠶᠠᠪᠤᠳᠠᠯ ᠤᠨ ᠦᠢᠯᠡᠴᠢᠯᠡᠭᠡᠨ ᠤ ᠲᠥᠪ᠂ | ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠭᠡ ᠠᠩᠭᠢ ᠶᠢ ᠬᠤᠪᠢᠳᠠᠨ ᠬᠠᠮᠢᠶᠠᠷᠤᠨ᠎ᠠ᠃ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ | ᠪᠠᠶᠢᠴᠠᠭᠠᠬᠤ ᠵᠥᠪᠯᠡᠯ᠂ ᠤᠬᠠᠭᠤᠯᠬᠤ ᠬᠡᠯᠲᠡᠰ᠂ ᠠᠯᠪᠠᠲᠠᠨ ᠤ ᠲᠣᠪᠴᠢᠶ᠎ᠠ᠂ ᠨᠠᠮ ᠤᠨ ᠰᠤᠷᠭᠠᠭᠤᠯᠢ᠂ ᠣᠷᠣᠨ | ᠲᠤᠭ᠎ᠠ ᠶᠢᠨ ᠠᠯᠪᠠᠨ ᠬᠡᠷ᠂ ᠨᠢᠭᠤᠴᠠ ᠶᠢ ᠬᠠᠮᠠᠭᠠᠯᠠᠬᠤ ᠨᠢᠭᠤᠴᠠ ᠴᠢᠬᠤᠯᠠ ᠲᠣᠪᠴᠢᠶ᠎ᠠ᠂ ᠲᠣᠭᠤᠷᠢᠨ ᠪᠠᠶᠢᠴᠠᠭᠠᠬᠤ | ᠠᠯᠪᠠᠨ ᠬᠡᠷ᠂ ᠬᠠᠮ ᠵᠠᠭᠤᠴᠢᠯᠠᠭᠤᠷ ᠤᠨ ᠲᠥᠪ ᠲᠠᠢ ᠬᠠᠷᠢᠯᠴᠠᠨ᠎ᠠ᠃ | ᠵᠠᠰᠠᠭ ᠤᠨ ᠣᠷᠳᠣᠨ ᠤ ᠭᠤᠣᠯ ᠤᠳᠤᠷᠢᠳᠤᠯᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃ | |