ᠡᠷᠳᠡᠮᠲᠦ | ᠠᠪᠠᠭ᠎ᠠ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ | ᠲᠣᠪᠴᠢ ᠲᠠᠨᠢᠯᠴᠠᠭᠤᠯᠭ᠎ᠠ | ᠡᠷᠳᠡᠮᠲᠤ᠂ ᠡᠷᠡᠭᠲᠡᠢ᠂ ᠮᠣᠩᠭᠤᠯ ᠦᠨᠳᠦᠰᠦᠲᠡᠨ᠂ 1968 ᠣᠨ ᠤ 11 ᠰᠠᠷ᠎ᠠ ᠳᠤ ᠲᠦᠷᠦᠪᠡ᠂ ᠶᠡᠭᠡ | ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠃ ᠤᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠠᠪᠠᠭ᠎ᠠ ᠬᠤᠰᠢᠭᠤᠨ ᠤ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠶᠢᠨ ᠲᠤᠰᠢᠶᠠᠯ ᠢ ᠬᠠᠷᠢᠭᠤᠴᠠᠵᠤ | ᠪᠠᠶᠢᠨ᠎ᠠ᠃ | ᠠᠵᠢᠯ ᠤᠨ ᠬᠤᠪᠢᠶᠠᠷᠢᠯᠠᠯ | ᠵᠥᠪᠯᠡᠯᠭᠡᠨ ᠤ ᠵᠥᠪᠯᠡᠯ ᠤᠨ ᠠᠵᠢᠯ ᠢ ᠬᠤᠪᠢᠳᠠᠨ ᠬᠠᠮᠢᠶᠠᠷᠤᠨ᠎ᠠ᠃ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠬᠤᠳᠠᠯᠳᠤᠭᠠᠨ ᠤ ᠪᠠᠩᠬᠢ᠂ ᠲᠠᠷᠢᠶᠠᠯᠠᠩ | ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ︵ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠲᠣᠪᠴᠢᠶ᠎ᠠ︶᠂ ᠠᠮᠢ ᠠᠬᠤᠶ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ᠂ ᠣᠶ ᠰᠢᠭᠤᠶ ᠨᠤᠲᠤᠭ | ᠪᠡᠯᠴᠢᠭᠡᠷ ᠪᠠ ᠤᠰᠤᠨ ᠠᠰᠢᠭᠯᠠᠯᠲᠠ ᠶᠢᠨ ᠲᠣᠪᠴᠢᠶ᠎ᠠ᠂ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠠᠵᠤ | ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠴᠠᠬᠢᠯᠭᠠᠨ ᠬᠠᠩᠭᠠᠬᠤ ᠬᠤᠪᠢᠶᠠᠷᠢ ᠲᠣᠪᠴᠢᠶ᠎ᠠ᠂ ᠴᠠᠭ ᠠᠭᠤᠷ ᠤᠨ | ᠲᠣᠪᠴᠢᠶ᠎ᠠ᠂ ᠠᠷᠠᠳ ᠤᠨ ᠪᠠᠩᠬᠢ᠂ ᠠᠵᠤ ᠦᠢᠯᠡᠳᠪᠦᠷᠢ ᠬᠤᠳᠠᠯᠳᠤᠭᠠᠨ ᠤ ᠪᠠᠩᠬᠢ᠂ ᠲᠠᠷᠢᠶᠠᠯᠠᠩ ᠤᠨ ᠪᠠᠩᠬᠢ᠂ | ᠲᠠᠷᠢᠶᠠᠯᠠᠩ ᠬᠤᠳᠠᠯᠳᠤᠭᠠᠨ ᠤ ᠪᠠᠩᠬᠢ᠂ ᠡᠳ᠋ ᠬᠥᠷᠥᠩᠭᠡ ᠶᠢᠨ ᠳᠠᠭᠠᠳᠬᠠᠯ ᠤᠨ ᠺᠣᠮᠫᠠᠨᠢ᠂ ᠠᠮᠢ ᠨᠠᠰᠤᠨ ᠤ | ᠳᠠᠭᠠᠳᠬᠠᠯ ᠤᠨ ᠺᠣᠮᠫᠠᠨᠢ ᠵᠡᠷᠭᠡ ᠨᠢᠭᠡᠴᠡ ᠲᠠᠢ ᠬᠠᠷᠢᠯᠴᠠᠨ᠎ᠠ᠃ |