ᠳ᠋ᠧᠦ ᠶᠠᠨ ᠶᠣᠣ | ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠬᠤᠰᠢᠭᠤ ᠳᠡᠳ᠋ | ᠳᠠᠷᠤᠭ᠎ᠠ | ᠲᠣᠪᠴᠢ ᠲᠠᠨᠢᠯᠴᠠᠭᠤᠯᠭ᠎ᠠ | ᠳ᠋ᠧᠦ ᠶᠠᠨ ᠶᠣᠣ ᠡᠷᠡᠭᠲᠡᠶ᠂ ᠬᠢᠲᠠᠳ ᠦᠨᠳᠦᠰᠦᠲᠡᠨ᠂ 1985 ᠣᠨ ᠤ 5 ᠰᠠᠷ᠎ᠠ ᠳᠤ ᠲᠦᠷᠦᠪᠡ᠂ | ᠠᠵᠢᠯ ᠤᠨ ᠪᠠᠶᠢᠷᠢ ᠳᠡᠭᠡᠷᠡᠬᠢ ᠠᠰᠫᠢᠷᠠᠨᠲ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠃ ᠤᠳᠤ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠪᠠᠭ᠎ᠠ ᠬᠤᠰᠢᠭᠤᠨ ᠤ ᠵᠠᠰᠠᠭ ᠤᠨ ᠣᠷᠳᠣᠨ ᠤ ᠬᠤᠰᠢᠭᠤ | ᠳᠡᠳ᠋ ᠳᠠᠷᠤᠭ᠎ᠠ ᠶᠢᠨ ᠲᠤᠰᠢᠶᠠᠯ ᠢ ᠬᠠᠷᠢᠭᠤᠴᠠᠵᠤ ᠪᠠᠶᠢᠨ᠎ᠠ᠃ | ᠠᠵᠢᠯ ᠤᠨ ᠬᠤᠪᠢᠶᠠᠷᠢᠯᠠᠯ | ᠬᠤᠰᠢᠭᠤ ᠳᠠᠷᠤᠭ᠎ᠠ ᠶᠢ ᠬᠠᠮᠵᠢᠨ ᠠᠵᠤ ᠦᠢᠯᠡᠳᠪᠦᠷᠢ ᠶᠢᠨ ᠠᠵᠤ ᠠᠬᠤᠶ᠂ ᠮᠡᠳᠡᠭᠡ ᠵᠠᠩᠭᠢᠵᠢᠯᠲᠠ ᠶᠢᠨ | ᠪᠥᠲᠥᠭᠡᠨ ᠪᠠᠶᠢᠭᠤᠯᠤᠯᠲᠠ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶ ᠶᠢᠨ ᠬᠥᠭᠵᠢᠯᠲᠡ᠂ ᠠᠷᠠᠯᠵᠢᠶ᠎ᠠ | ᠬᠤᠳᠠᠯᠳᠤᠭᠠᠨ ᠤ ᠭᠦᠢᠯᠭᠡᠭᠡ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ᠂ ᠤᠯᠤᠰ ᠤᠨ ᠭᠠᠵᠠᠷ ᠰᠢᠷᠣᠶ ᠶᠢᠨ | ᠣᠷᠣᠨ ᠵᠠᠶ ᠶᠢᠨ ᠲᠥᠯᠥᠪᠵᠢᠭᠦᠯᠭᠡ᠂ ᠪᠠᠶᠢᠭᠠᠯᠢ ᠶᠢᠨ ᠡᠬᠢ ᠪᠠᠶᠠᠯᠢᠭ ᠤᠨ ᠬᠠᠮᠢᠶᠠᠷᠤᠯᠲᠠ ᠵᠡᠷᠭᠡ ᠲᠠᠯ᠎ᠠ ᠶᠢᠨ ᠠᠵᠢᠯ ᠢ | ᠨᠢᠭᠡᠳᠦᠯᠲᠡᠶ ᠲᠥᠯᠥᠪᠯᠡᠨ᠎ᠡ᠃ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠬᠤᠳᠠᠯᠳᠤᠭᠠᠨ ᠤ | ᠶᠠᠪᠤᠳᠠᠯ ᠤᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠲᠤᠭ᠎ᠠ ᠪᠦᠷᠢᠳᠬᠡᠯ ᠤᠨ ᠲᠣᠪᠴᠢᠶ᠎ᠠ᠂ | ᠬᠠᠩᠭᠠᠨ ᠪᠣᠷᠣᠯᠠᠭᠤᠯᠬᠤ ᠬᠤᠷᠰᠢᠶ᠎ᠠ ᠶᠢ ᠬᠤᠪᠢᠳᠠᠨ ᠬᠠᠮᠢᠶᠠᠷᠤᠨ᠎ᠠ᠃ | ᠤᠯᠤᠰ ᠲᠥᠷᠥ ᠶᠢᠨ ᠵᠥᠪᠯᠡᠯᠭᠡᠨ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠴᠠᠬᠢᠯᠭᠠᠨ ᠬᠠᠩᠭᠠᠬᠤ | ᠬᠤᠪᠢᠶᠠᠷᠢ ᠲᠣᠪᠴᠢᠶ᠎ᠠ᠂ ᠴᠢᠯᠠᠭᠤᠨ ᠲᠣᠰᠣᠨ ᠤ ᠺᠣᠮᠫᠠᠨᠢ᠂ ᠨᠢᠭᠡᠳᠦᠮᠡᠯ ᠬᠤᠯᠪᠣᠭ᠎ᠠ ᠶᠢᠨ ᠺᠣᠮᠫᠠᠨᠢ᠂ ᠰᠢᠯᠵᠢᠮᠡᠯ | ᠬᠤᠯᠪᠣᠭᠠᠨ ᠤ ᠺᠣᠮᠫᠠᠨᠢ᠂ ᠴᠠᠬᠢᠯᠭᠠᠨ ᠬᠤᠯᠪᠣᠭᠠᠨ ᠤ ᠺᠣᠮᠫᠠᠨᠢ᠂ ᠨᠠᠪᠴᠢᠨ ᠲᠠᠮᠠᠬᠢ ᠶᠢᠨ ᠺᠣᠮᠫᠠᠨᠢ ᠲᠠᠢ ᠬᠠᠷᠢᠯᠴᠠᠨ᠎ᠠ᠃ | ᠵᠠᠰᠠᠭ ᠤᠨ ᠣᠷᠳᠣᠨ ᠤ ᠭᠤᠣᠯ ᠤᠳᠤᠷᠢᠳᠤᠯᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃ | |