ᠰᠢᠯᠢ ᠶᠢᠨ ᠭᠤᠤᠯ ᠠᠶᠢᠮᠠᠭ ᠤᠨ ᠬᠠᠮ ᠵᠠᠭᠤᠴᠢᠯᠠᠭᠤᠷ ᠤᠨ ᠬᠢᠨ ᠵᠠᠭᠤᠨ ᠵᠢᠯ ᠤᠨ ᠠᠪᠤᠷᠭᠤ ᠲᠠᠷᠬᠠᠳ ᠪᠤᠯᠤᠨ ᠠᠳᠢᠳᠠᠰ᠂ ᠰᠤᠶᠤᠯ ᠲᠠᠮᠢᠷ ᠢ ᠰᠤᠷᠭᠠᠭᠤᠯᠢ ᠶᠢᠨ ᠬᠦᠷᠢᠶᠡᠨ ᠳᠤ ᠬᠦᠷᠭᠡᠬᠦ ᠨᠡᠶᠢᠳᠡ ᠶᠢᠨ ᠠᠰᠠᠷᠠᠮᠵᠢ ᠶᠢᠨ ᠠᠵᠢᠯᠯᠠᠭ᠎ᠠ ᠶᠢ ᠬᠠᠮᠳᠤᠪᠡᠷ ᠲᠦᠯᠬᠢᠨ ᠠᠬᠢᠭᠤᠯᠪᠠ
ᠨᠡᠶᠢᠲᠡᠯᠡᠭᠰᠡᠨ ᠴᠠᠭ᠄
2025/3/17
     3 ᠰᠠᠷ᠎ᠠ ᠶᠢᠨ 6 ᠤ ᠡᠳᠦᠷ᠂ ᠠᠪᠠᠭ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠥᠪ ᠨᠢ ᠡᠯ᠎ᠡ ᠳᠤᠮᠳᠠᠳᠤ ᠪᠠᠭ᠎ᠠ ᠰᠤᠷᠭᠠᠭᠤᠯᠢ ᠳᠤ ᠬᠦᠷᠴᠦ ᠨᠣᠮ ᠪᠢᠴᠢᠭ ᠬᠠᠨᠳᠢᠪᠯᠠᠬᠤ ᠠᠵᠢᠯᠯᠠᠭ᠎ᠠ ᠥᠷᠨᠢᠭᠦᠯᠪᠡ᠂ ᠲᠣᠰ ᠤᠳᠠᠭᠠᠨ ᠤ ᠠᠵᠢᠯᠯᠠᠭ᠎ᠠ ᠪᠣᠯ ᠰᠢᠯᠢ ᠶᠢᠨ ᠭᠤᠤᠯ ᠠᠶᠢᠮᠠᠭ ᠤᠨ ᠬᠠᠮ ᠵᠠᠭᠤᠴᠢᠯᠠᠭᠤᠷ ᠤᠨ ᠵᠠᠭᠤᠨ ᠵᠢᠯ ᠤᠨ ᠠᠪᠤᠷᠭᠤ ᠲᠠᠷᠬᠠᠳ᠂ ᠠᠳᠢᠳᠠᠰ ᠬᠠᠮᠲᠤᠷᠠᠨ ︽ᠰᠣᠶᠣᠯ ᠲᠠᠮᠢᠷ ᠢ ᠰᠤᠷᠭᠠᠭᠤᠯᠢ ᠳᠤ ᠬᠦᠷᠭᠡᠬᠦ︾ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠪᠣᠯᠤᠨ᠎ᠠ᠃ ᠡᠭᠦᠨ ᠤ ᠵᠣᠷᠢᠯᠭ᠎ᠠ ᠨᠢ ᠰᠣᠶᠣᠯ ᠪᠠ ᠪᠡᠶ᠎ᠡ ᠶᠢᠨ ᠲᠠᠮᠢᠷ ᠤᠨ ᠠᠭᠤᠰᠤᠯᠴᠠᠯ ᠢᠶᠠᠷ ᠳᠠᠮᠵᠢᠭᠤᠯᠤᠨ᠂ ᠵᠠᠯᠠᠭᠤᠴᠤᠳ ᠪᠠᠭᠠᠴᠤᠳ ᠤᠨ ᠦᠰᠦᠨ ᠪᠤᠶᠢᠵᠢᠯᠲᠠ ᠳᠤ ᠬᠦᠴᠦᠷᠬᠡᠭ ᠶᠡᠭᠡ ᠣᠶᠤᠨ ᠰᠠᠨᠠᠭᠠᠨ ᠤ ᠬᠥᠳᠡᠯᠭᠡᠬᠦ ᠬᠦᠴᠦᠨ ᠢ ᠣᠯᠭᠤᠬᠤ ᠶᠢᠨ ᠲᠥᠯᠥᠭᠡ ᠶᠤᠮ᠃
     ︽ᠵᠠᠭᠤᠨ ᠵᠢᠯ ᠤᠨ ᠠᠪᠤᠷᠭᠤ ᠳᠠᠷᠬᠠᠨ︾ ᠨᠢ ᠲᠤᠮᠤ ᠬᠡᠯᠪᠡᠷᠢ ᠶᠢᠨ ᠰᠢᠷᠢᠰ ᠨᠡᠷᠡᠲᠦ ᠬᠦᠮᠦᠰ ᠤᠨ ᠨᠠᠮᠲᠠᠷ ᠤᠨ ᠺᠢᠨᠣ᠋ ᠪᠣᠯᠤᠭᠰᠠᠨ ᠤ ᠬᠤᠪᠢ ᠳᠤ᠂ 20 ᠳ᠋ᠤᠭᠠᠷ ᠵᠠᠭᠤᠨ ᠠᠴᠠ ᠨᠠᠰᠢᠬᠢ ᠳᠤᠮᠳᠠᠳᠤ ᠶᠢᠨ ᠦᠨᠳᠦᠰᠦᠲᠡᠨ ᠳᠤ ᠲᠤᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠨᠡᠷᠡᠳᠦ ᠬᠥᠮᠦᠰ ᠤᠨ ᠯᠤᠲᠤ ᠶᠡᠭᠡ ᠠᠮᠵᠢᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠲᠡᠳᠡᠨ ᠤ ᠠᠮᠢᠳᠤᠷᠠᠯ ᠤᠨ ᠦᠩᠭᠡᠷᠡᠯᠲᠡ᠂ ᠭᠠᠷᠮᠠᠭᠠᠢ ᠵᠢᠳᠭᠦᠯ ᠪᠣᠯᠤᠨ ᠠᠭᠤᠤ ᠶᠡᠭᠡ ᠬᠠᠶᠢᠷ᠎ᠠ ᠰᠡᠳᠬᠢᠯᠭᠡ ᠶᠢ ᠠᠮᠢᠳᠤᠯᠢᠭ ᠢᠶᠠᠷ ᠬᠠᠷᠠᠭᠤᠯᠪᠠ᠃ ᠲᠤᠰ ᠪᠠᠷᠢᠮᠲᠠᠲᠤ ᠹᠢᠯᠢᠮ ᠨᠢ ᠤᠷᠠᠨ ᠵᠢᠷᠤᠭ᠂ ᠤᠷᠠᠨ ᠪᠢᠴᠢᠯᠭᠡ᠂ ᠪᠠᠷᠢᠯᠭ᠎ᠠ᠂ ᠬᠢᠲᠠᠳ ᠡᠮᠨᠡᠯᠭᠡ᠂ ᠰᠤᠷᠭᠠᠨ ᠬᠥᠮᠦᠵᠢᠯ᠂ ᠪᠡᠶ᠎ᠡ ᠶᠢᠨ ᠲᠠᠮᠢᠷ ᠵᠡᠷᠭᠡ ᠬᠦᠷᠢᠶᠡᠨ ᠤ 50 ᠭᠠᠷᠤᠶ ᠨᠡᠷᠡᠲᠦ ᠬᠦᠮᠦᠰ ᠢ ᠰᠡᠭᠦᠳᠡᠷᠯᠡᠭᠰᠡᠨ ᠪᠥᠭᠡᠳ ᠰᠢᠷᠢᠰ ᠴᠤᠪᠤᠷᠠᠯ ᠪᠢᠴᠢᠭ ᠢ ᠬᠡᠪᠯᠡᠭᠦᠯᠪᠡ᠃ ᠡᠲᠡᠭᠡᠷ ᠬᠤᠪᠣᠷ ᠨᠠᠨᠳᠢᠨ ᠰᠣᠶᠣᠯ ᠤᠨ ᠣᠷᠠᠨ ᠪᠦᠲᠦᠭᠡᠯ ᠨᠢ ᠵᠠᠯᠠᠭᠤᠴᠤᠳ ᠪᠠᠭᠠᠴᠤᠳ ᠤᠨ ᠬᠡᠪ ᠰᠤᠷᠲᠠᠯ ᠢ ᠣᠯᠠᠮᠵᠢᠯᠠᠬᠤ᠂ ᠦᠵᠡᠯ ᠰᠠᠨᠠᠭ᠎ᠠ ᠣᠶᠤᠨ ᠤᠬᠠᠭᠠᠨ ᠤ ᠲᠡᠵᠢᠭᠡᠯ ᠬᠦᠷᠲᠡᠬᠦ᠂ ᠤᠯᠤᠰ ᠢᠶᠠᠨ ᠬᠠᠶᠢᠷᠠᠯᠠᠬᠤ ᠰᠡᠳᠬᠢᠯᠭᠡ ᠶᠢ ᠨᠡᠮᠡᠭᠳᠡᠭᠦᠯᠬᠦ ᠳᠤ ᠡᠯᠪᠡᠭ ᠪᠠᠶᠠᠯᠢᠭ ᠪᠣᠷᠣ ᠮᠠᠲ᠋ᠧᠷᠢᠶᠠᠯ ᠬᠠᠩᠭᠠᠭᠰᠠᠨ ᠪᠠᠶᠢᠨ᠎ᠠ᠃
     ᠲᠤᠬᠠᠶ ᠶᠢᠨ ᠲᠠᠯᠠᠪᠠᠶ ᠳᠤ᠂ ᠠᠪᠠᠭ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠥᠪ ᠤᠨ ᠠᠵᠢᠯᠲᠠᠳ ᠰᠤᠷᠭᠠᠭᠤᠯᠢ ᠶᠢᠨ ᠪᠠᠭᠰᠢ ᠰᠤᠷᠤᠭᠴᠢᠳ ᠲᠤ ︽ᠵᠠᠭᠤᠨ ᠵᠢᠯ ᠤᠨ ᠠᠪᠤᠷᠭᠤ ᠲᠠᠷᠬᠠᠨ︾ ᠤ ᠰᠢᠷᠢᠰ ᠴᠣᠪᠣᠷᠠᠯ ᠢ ᠲᠠᠨᠢᠯᠴᠠᠭᠤᠯᠵᠤ᠂ ᠰᠤᠷᠭᠠᠭᠤᠯᠢ ᠠᠴᠠ ᠨᠣᠮ ᠪᠢᠴᠢᠭ ᠢ ᠰᠡᠳᠬᠢᠯ ᠪᠠᠭ᠋ᠠᠳᠤᠨ ᠣᠩᠰᠢᠬᠤ ᠶᠢ ᠵᠤᠷᠢᠭᠵᠢᠭᠤᠯᠵᠤ᠂ ᠨᠣᠮ ᠠᠴᠠ ᠥᠯᠢᠭᠡᠷ ᠳᠠᠭᠤᠷᠢᠶᠠᠯ ᠤᠨ ᠬᠦᠴᠦᠨ ᠢ ᠰᠢᠩᠭᠡᠭᠡᠨ ᠠᠪᠴᠤ᠂ ᠨᠣᠮ ᠤᠩᠰᠢᠬᠤ᠂ ᠰᠠᠶᠢᠨ ᠨᠣᠮ ᠤᠩᠰᠢᠬᠤ᠂ ᠨᠣᠮ ᠤᠩᠰᠢᠬᠤ ᠰᠠᠶᠢᠨ ᠰᠠᠶᠢᠬᠠᠨ ᠵᠠᠩ ᠳᠠᠳᠬᠠᠯ ᠢ ᠪᠣᠶ ᠪᠣᠯᠭᠠᠵᠤ᠂ ᠰᠣᠶᠣᠯ ᠤᠨ ᠢᠲᠡᠭᠡᠯ ᠢᠶᠠᠨ ᠪᠠᠲᠤᠳᠬᠠᠵᠤ᠂ ︽ᠠᠪᠤᠷᠭᠤ ᠳᠠᠷᠬᠠᠨ ᠤ ᠵᠣᠷᠢᠭ ᠰᠠᠨᠠᠭ᠎ᠠ︾ ᠶᠢ ᠪᠠᠳᠠᠷᠠᠭᠤᠯᠬᠤ ᠶᠢ ᠵᠣᠷᠢᠭᠵᠢᠭᠤᠯᠪᠠ᠃ ᠲᠣᠰ ᠤᠳᠠᠭ᠎ᠠ ᠨᠡᠶᠢᠲᠡ 4 ᠰᠤᠷᠭᠠᠭᠤᠯᠢ ᠳᠤ 100 ᠭᠠᠷᠤᠶ ᠳᠡᠪᠲᠡᠷ ᠨᠣᠮ ᠬᠠᠨᠳᠢᠪᠯᠠᠪᠠ᠃
     ᠣᠶᠢᠯᠠᠭᠠᠭᠰᠠᠨ ᠢᠶᠠᠷ᠂ ᠲᠣᠰ ᠤᠳᠠᠭ᠎ᠠ ᠲᠠᠷᠬᠠᠭᠠᠭᠰᠠᠨ ︽ᠵᠠᠭᠤᠨ ᠵᠢᠯ ᠤᠨ ᠠᠪᠤᠷᠭᠤ ᠲᠠᠷᠬᠠᠨ︾ ᠤ ᠰᠢᠷᠢᠰ ᠴᠣᠪᠣᠷᠠᠯ ᠨᠣᠮ ᠨᠢ ᠳᠤᠮᠳᠠᠳᠤ ᠤᠯᠤᠰ ᠤᠨ ᠵᠠᠯᠠᠭᠤᠴᠤᠳ ᠤᠨ ᠦᠢᠯᠡᠰ ᠪᠤᠰᠬᠠᠵᠤ ᠠᠵᠢᠯ ᠣᠯᠭᠤᠬᠤ ᠰᠠᠭᠤᠷᠢ ᠮᠥᠩᠭᠦᠨ ᠤ ᠨᠡᠶᠢᠭᠡᠮᠯᠢᠭ ᠤᠨ ︽ᠵᠠᠭᠤᠨ ᠵᠢᠯ ᠤᠨ ᠠᠪᠤᠷᠭᠤ ᠳᠠᠷᠬᠠᠨ ᠠᠳᠢᠳᠠᠰ ᠤᠨ ᠰᠣᠶᠣᠯ ᠲᠠᠮᠢᠷ ᠢ ᠰᠤᠷᠭᠠᠭᠤᠯᠢ ᠳᠤ ᠬᠦᠷᠭᠡᠬᠦ︾ ᠲᠥᠷᠥᠯ ᠵᠦᠢᠯ ᠲᠠᠢ ᠬᠤᠯᠪᠣᠭᠠᠯᠠᠵᠤ᠂ ᠲᠣᠰ ᠰᠢᠷᠢᠰ ᠴᠣᠪᠣᠷᠠᠯ ᠪᠢᠴᠢᠭ ᠨᠢ 20 ᠳ᠋ᠤᠭᠠᠷ ᠵᠠᠭᠤᠨ ᠳᠤ ᠳᠤᠮᠳᠠᠳᠤ ᠶᠢᠨ ᠦᠨᠳᠦᠰᠦᠲᠡᠨ ᠳᠤ ᠲᠣᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠨᠠᠷᠠᠲᠤ ᠬᠥᠮᠦᠰ ᠤᠨ ᠦᠯᠢᠭᠡᠷ ᠵᠢᠱᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ᠂ ᠤᠷᠠᠨ ᠵᠢᠷᠤᠭ᠂ ᠤᠷᠠᠨ ᠪᠢᠴᠢᠯᠭᠡ᠂ ᠪᠠᠷᠢᠯᠭ᠎ᠠ᠂ ᠬᠢᠲᠠᠳ ᠡᠮᠨᠡᠯᠭᠡ᠂ ᠰᠤᠷᠭᠠᠨ ᠬᠥᠮᠦᠵᠢᠯ᠂ ᠪᠡᠶ᠎ᠡ ᠶᠢᠨ ᠲᠠᠮᠢᠷ ᠵᠡᠷᠭᠡ ᠬᠦᠷᠢᠶᠡᠨ ᠳᠠᠬᠢ ᠶᠡᠭᠡ ᠪᠠᠭᠰᠢ ᠨᠡᠷᠡᠲᠦ ᠬᠦᠮᠦᠰ ᠢ ᠲᠠᠨᠢᠯᠴᠠᠭᠤᠯᠵᠤ᠂ ᠵᠠᠯᠠᠭᠤᠴᠤᠳ ᠪᠠᠭᠠᠴᠤᠳ ᠠᠴᠠ ᠨᠡᠷᠡᠲᠦ ᠬᠦᠮᠦᠰ ᠤᠨ ᠬᠡᠪ ᠨᠠᠮᠪᠠ ᠶᠢ ᠭᠦᠨᠵᠡᠭᠡᠶ ᠣᠶᠢᠯᠠᠭᠠᠵᠤ᠂ ᠦᠵᠡᠯ ᠰᠠᠨᠠᠭ᠎ᠠ ᠣᠶᠤᠨ ᠤᠬᠠᠭᠠᠨ ᠢ ᠰᠢᠩᠭᠡᠭᠡᠨ ᠠᠪᠴᠤ᠂ ᠡᠬᠡ ᠤᠷᠤᠨᠴᠢ ᠬᠠᠶᠢᠷ᠎ᠠ ᠰᠡᠳᠬᠢᠯᠭᠡ ᠶᠢ ᠵᠤᠵᠠᠭᠠᠳᠬᠠᠪᠠ᠃
     ᠢᠷᠡᠭᠡᠳᠦᠢ ᠶᠢᠨ ᠠᠵᠢᠯᠯᠠᠭ᠎ᠠ ᠶᠢ ᠠᠬᠢᠭᠤᠯᠬᠤ ᠳᠤᠮᠳᠠ᠂ ᠰᠢᠯᠢ ᠶᠢᠨ ᠭᠤᠣᠯ ᠠᠢᠮᠠᠭ ᠤᠨ ᠵᠠᠭᠤᠴᠢᠯᠠᠭᠤᠷ ᠤᠨ ᠬᠢᠨ᠂ ᠵᠠᠭᠤᠨ ᠵᠢᠯ ᠤᠨ ᠠᠪᠤᠷᠭᠤ ᠳᠠᠷᠬᠠᠨ ᠪᠣᠯᠤᠨ ᠠᠳᠢᠳᠠᠰ ᠲᠠᠢ ᠨᠢᠭᠲᠠ ᠬᠠᠮᠵᠢᠯᠴᠠᠵᠤ᠂ ᠲᠤᠰ ᠲᠤᠰ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ︽ᠵᠠᠭᠤᠨ ᠵᠢᠯ ᠤᠨ ᠠᠪᠤᠷᠭᠤ ᠳᠠᠷᠬᠠᠨ︾ ᠰᠢᠷᠢᠰ ᠨᠣᠮ ᠵᠢᠴᠢ ᠠᠳᠢᠳᠠᠰ ᠪᠡᠶ᠎ᠡ ᠶᠢᠨ ᠲᠠᠮᠢᠷ ᠤᠨ ᠬᠡᠷᠡᠭᠰᠡᠯ ᠢ ᠬᠠᠨᠳᠢᠪᠯᠠᠬᠤ ᠪᠠᠷ ᠳᠠᠮᠵᠢᠨ᠂ ᠭᠤᠣᠯ ᠰᠡᠳᠦᠪᠲᠦ ᠲᠠᠢᠯᠤᠮᠵᠢ᠂ ᠪᠡᠶ᠎ᠡ ᠶᠢᠨ ᠲᠠᠮᠢᠷ ᠤᠨ ᠤᠷᠤᠯᠳᠤᠭᠠᠨ ᠵᠡᠷᠭᠡ ᠣᠯᠠᠨ ᠲᠦᠷᠦᠯ ᠤᠨ ᠠᠵᠢᠯᠯᠠᠭ᠎ᠠ ᠥᠷᠨᠢᠭᠦᠯᠵᠦ᠂ ᠨᠡᠩ ᠣᠯᠠᠨ ᠵᠠᠯᠠᠭᠤᠴᠤᠳ ᠪᠠᠭᠠᠴᠤᠳ ᠲᠤ ᠠᠰᠢᠭ ᠬᠦᠷᠲᠡᠭᠡᠨ᠎ᠡ᠃ ᠭᠤᠷᠪᠠᠨ ᠲᠠᠯ᠎ᠠ ᠶᠢᠨ ᠬᠠᠮᠲᠤ ᠶᠢᠨ ᠴᠢᠷᠮᠠᠶᠢᠯᠭ᠎ᠠ ᠪᠠᠷ᠂ ᠲᠤᠰ ᠤᠳᠠᠭ᠎ᠠ ᠶᠢᠨ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠨᠢ ᠵᠠᠯᠠᠭᠤᠴᠤᠳ ᠪᠠᠭᠠᠴᠤᠳ ᠤᠨ ᠰᠡᠳᠬᠢᠯ ᠳᠤ ᠰᠣᠶᠣᠯ ᠪᠣᠯᠤᠨ ᠪᠡᠶ᠎ᠡ ᠶᠢᠨ ᠲᠠᠮᠢᠷ ᠤᠨ ᠦᠷ᠎ᠡ ᠲᠠᠷᠢᠵᠤ᠂ ᠲᠡᠳᠡᠨ ᠤ ᠦᠰᠦᠨ ᠪᠤᠶᠢᠵᠢᠯᠲᠠ ᠶᠢᠨ ᠵᠠᠮ ᠳᠤ ᠭᠡᠷᠡᠯ ᠭᠢᠯᠪᠠᠭ᠎ᠠ ᠨᠡᠮᠡᠷᠢᠯᠡᠵᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠬᠦᠰᠡᠯ ᠵᠡᠭᠦᠳᠦ ᠶᠢ ᠲᠡᠷᠭᠡᠯᠰᠢᠭᠦᠯᠬᠦ ᠳᠤ ᠬᠦᠴᠦᠨ ᠴᠢᠳᠠᠯ ᠢᠶᠠᠨ ᠡᠷᠭᠦᠬᠦ ᠢᠲᠡᠭᠡᠯ ᠵᠤᠷᠢᠭ ᠢ ᠬᠦᠪᠴᠢᠯᠡᠬᠦ ᠨᠢ ᠯᠠᠪᠲᠠᠢ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号