ᠠᠪᠠᠭ᠎ᠠ ᠬᠤᠰᠢᠭᠤᠨ ᠤ ᠲᠠᠷᠢᠶᠠᠯᠠᠩ ᠤᠨ ᠪᠠᠩᠭᠢ- ᠡᠩ ᠤᠨ ᠠᠵᠢᠯ ᠤᠨ ᠪᠠᠶᠢᠷᠢ ᠠᠴᠠ ᠣᠨᠳᠤᠷᠤᠭᠰᠠᠨ ᠬᠢᠯᠠᠯᠵᠠᠮ᠎ᠠ ᠠᠮᠵᠢᠯᠲᠠ᠂ ᠡᠮᠡᠭᠲᠡᠶᠢᠴᠦᠳ ᠤᠨ ᠭᠡᠷᠡᠯ ᠬᠢᠯᠪᠠᠭ᠎ᠠ ᠶᠢ ᠬᠠᠷᠠᠭᠤᠯᠤᠭᠰᠠᠨ ᠮᠦᠩᠭᠦᠨ ᠭᠦᠢᠯᠭᠡᠭᠡ
ᠨᠡᠶᠢᠲᠡᠯᠡᠭᠰᠡᠨ ᠴᠠᠭ᠄
2025/3/17
     ᠬᠠᠯᠠᠭᠤᠨ ᠢᠨᠢᠶᠡᠮᠰᠦᠭᠯᠡᠯ ᠢᠶᠠᠷ ᠤᠭᠳᠤᠵᠤ᠂ ᠬᠠᠮᠤᠭ ᠤᠨ ᠴᠢᠩᠭ᠎ᠠ ᠨᠢᠮᠪᠠᠢ ᠰᠤᠷᠳᠠᠯ ᠢᠶᠠᠷ ᠠᠵᠢᠯᠯᠠᠵᠤ ᠪᠠᠶᠢᠭ᠎ᠠ ᠠᠪᠠᠭ᠎ᠠ ᠬᠤᠰᠢᠭᠤᠨ ᠤ ᠲᠠᠷᠢᠶᠠᠯᠠᠩ ᠤᠨ ᠪᠠᠩᠭᠢ ᠭᠡᠬᠦ ᠡᠨᠡᠬᠦ ᠬᠦᠭᠵᠢᠶᠡᠨᠲᠡᠢ ᠲᠤᠮᠤ ᠭᠡᠷ ᠪᠦᠯᠢ ᠳᠤ ᠣᠯᠠᠨ ᠤ ᠠᠩᠬᠠᠷᠤᠯ ᠢ ᠲᠠᠲᠠᠭᠰᠠᠨ ᠴᠤᠭ ᠪᠠᠳᠠᠷᠠᠩᠭᠤᠢ᠂ ᠬᠠᠯᠠᠭᠤᠨ ᠰᠡᠳᠬᠢᠯ ᠲᠠᠢ ᠡᠮᠡᠭᠲᠡᠶᠢᠴᠦᠳ ᠤᠨ ᠡᠩᠨᠡᠭᠡ ᠪᠠᠶᠢᠳᠠᠭ᠃ ᠲᠠᠷᠢᠶᠠᠯᠠᠩ ᠤᠨ ᠪᠠᠩᠭᠢ ᠶᠢᠨ ᠣᠳᠠᠭ᠎ᠠ ᠪᠣᠯᠭᠠᠨ ᠤ ᠰᠢᠨ᠎ᠡ ᠶᠢ ᠡᠭᠦᠳᠦᠭᠰᠡᠨ ᠠᠮᠵᠢᠯᠲᠠ᠂ ᠲᠤᠭᠲᠠᠭᠤᠨ ᠬᠦᠭᠵᠢᠯᠲᠡ ᠪᠣᠯ ᠴᠦᠮ ᠲᠡᠳᠡᠨᠡᠷ ᠤᠨ ᠭᠤᠶᠠᠴᠢ ᠦᠭᠡᠢ ᠵᠢᠳᠬᠦᠯ ᠴᠢᠷᠮᠠᠶᠢᠯᠭ᠎ᠠ ᠪᠠᠷ ᠡᠩ ᠤᠨ ᠠᠵᠢᠯ ᠤᠨ ᠪᠠᠶᠢᠷᠢ ᠳᠤ ᠶᠡᠷᠦ ᠪᠤᠰᠤ ᠶᠢᠨ ᠵᠢᠳᠬᠦᠯ ᠦᠵᠡᠭᠦᠯᠦᠨ ᠠᠵᠢᠯᠯᠠᠵᠤ᠂ ᠡᠮᠡᠭᠲᠡᠶᠢᠴᠦᠳ ᠤᠨ ᠴᠤᠭ ᠵᠢᠪᠬᠤᠭ᠎ᠠ᠂ ᠲᠥᠷᠢ ᠲᠦᠷᠬᠦ ᠶᠢ ᠣᠯᠠᠮ ᠬᠠᠷᠠᠭᠤᠯᠤᠨ ᠠᠵᠢᠯᠯᠠᠵᠤ ᠪᠠᠶᠢᠭ᠎ᠠ ᠲᠡᠳᠡᠨᠡᠷ ᠤᠨ ᠬᠦᠳᠡᠯᠮᠦᠷᠢ ᠣᠬᠠᠭᠠᠨ ᠤ ᠦᠷ᠎ᠡ ᠪᠦᠳᠦᠭᠡᠯ ᠪᠣᠯᠬᠤ ᠶᠤᠮ᠃      ᠠᠪᠠᠭ᠎ᠠ ᠬᠤᠰᠢᠭᠤᠨ ᠤ ᠲᠠᠷᠢᠶᠠᠯᠠᠩ ᠤᠨ ᠪᠠᠩᠬᠢ ᠶᠢᠨ ᠡᠮᠡᠭᠲᠡᠢ ᠠᠵᠢᠯᠲᠠᠨ ᠤ ᠡᠵᠡᠯᠡᠬᠦ ᠬᠠᠷᠢᠴᠠᠯ ᠨᠢ 80% ᠡᠴᠠ‌‍ᠲ᠋ᠡᠭᠡᠭᠰᠢ ᠪᠠᠶᠢᠵᠤ᠂ ᠡᠮᠡᠭᠲᠡᠢ ᠠᠵᠢᠯᠲᠠᠨ ᠤ ᠪᠠᠷ᠎ᠠ ᠠᠵᠢᠯ ᠤᠨ ᠪᠠᠶᠢᠷᠢ ᠪᠣᠯᠭᠠᠨ ᠳᠤ ᠦᠵᠡᠭᠳᠡᠵᠦ ᠯᠡ ᠪᠠᠶᠢᠳᠠᠭ᠃ ︽ᠲᠤᠯᠤᠭᠠᠨ ᠰᠠᠷ᠎ᠠ ᠶᠢᠨ ᠨᠢᠭᠡᠨ︾ ᠤ ᠭᠠᠪᠢᠶᠠᠨ ᠲᠡᠮᠳᠡᠭ ᠬᠦᠷᠲᠡᠭᠰᠡᠨ ᠲᠠᠯ᠎ᠠ ᠨᠤᠲᠤᠭ ᠤᠨ ᠬᠦᠦ ᠲᠢᠩ · ᠪᠠᠭᠠᠲᠤᠷ ᠨᠥᠬᠦᠷ ᠢ ᠲᠣᠬᠤᠨᠢᠭᠤᠯᠵᠤ᠂ ᠠᠪᠠᠭ᠎ᠠ ᠬᠤᠰᠢᠭᠤᠨ ᠤ ᠲᠠᠷᠢᠶᠠᠯᠠᠩ ᠤᠨ ᠪᠠᠩᠬᠢ ᠨᠢ ᠨᠠᠮ ᠤᠨ ᠪᠠᠶᠢᠭᠤᠯᠤᠯᠲᠠ ᠪᠠᠷ ᠵᠢᠯᠣᠭᠤᠳᠤᠮᠵᠢ ᠪᠣᠯᠭᠠᠵᠤ᠂ ᠮᠥᠩᠭᠦᠨ ᠭᠦᠢᠯᠭᠡᠭᠡᠨ ᠤ ᠤᠯᠠᠭᠠᠨᠮᠥ᠋ᠴᠢᠷ ᠤᠨ ᠵᠣᠷᠢᠭ ᠰᠠᠨᠠᠭ᠎ᠠ ᠶᠢ ᠪᠠᠳᠠᠷᠠᠭᠤᠯᠤᠨ᠂ ᠨᠠᠮ ᠤᠨ ᠪᠠᠶᠢᠭᠤᠯᠤᠯᠲᠠ ᠪᠠᠷ ᠲᠤᠬᠠᠶᠢᠯᠠᠭᠰᠠᠨ ᠠᠵᠢᠯ ᠤᠨ ᠬᠥᠭᠵᠢᠯᠲᠡ ᠶᠢ ᠠᠬᠢᠭᠤᠯᠵᠤ᠂ ᠬᠥᠳᠡᠭᠡ ᠲᠣᠰᠬᠤᠨ ᠳᠤ ᠦᠨᠳᠦᠰᠦᠯᠡᠵᠦ᠂ ᠮᠥᠩᠭᠦᠨ ᠭᠦᠢᠯᠭᠡᠭᠡᠨ ᠤ ᠦᠢᠯᠡᠴᠢᠯᠡᠭᠡ ᠶᠢ ᠮᠠᠯᠴᠢᠨ ᠲᠠᠷᠢᠶᠠᠴᠢᠨ ᠤ ᠳᠡᠷᠭᠡᠳᠡ ᠬᠦᠷᠭᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠠᠮᠢᠵᠢᠷᠠᠯ ᠤᠨ ᠬᠦᠴᠦᠨ ᠨᠡᠮᠡᠷᠢᠯᠡᠪᠡ᠃ ︽ᠲᠠᠷᠢᠶᠠᠯᠠᠩ ᠬᠥᠳᠡᠭᠡ  ᠲᠤᠰᠬᠤᠨ ᠲᠠᠷᠢᠶᠠᠴᠢᠨ︾ ᠳᠤ ᠦᠢᠯᠡᠴᠢᠯᠡᠬᠦ ᠮᠥᠩᠭᠦᠨ ᠭᠦᠢᠯᠭᠡᠭᠡᠨ ᠤ ᠠᠵᠢᠯ ᠤᠨ ᠶᠠᠪᠤᠴᠠ ᠳᠤ᠂ ᠠᠪᠠᠭ᠎ᠠ ᠬᠤᠰᠢᠭᠤᠨ ᠤ ᠲᠠᠷᠢᠶᠠᠯᠠᠩ ᠤᠨ ᠪᠠᠩᠬᠢ ᠶᠢᠨ ᠳᠠᠭᠠᠭᠠᠮᠠᠯ ᠪᠠ ᠠᠵᠢᠯᠲᠠᠨ ᠨᠢ ᠬᠥᠳᠡᠭᠡ ᠪᠠᠭᠤᠵᠤ ᠳᠠᠩᠰᠠ ᠡᠪᠬᠡᠮᠡᠯ ᠪᠠᠢᠭᠤᠯᠵᠤ᠂  ᠪᠣᠳᠠᠳᠤ ᠪᠠᠶᠢᠳᠠᠯ ᠢ ᠣᠶᠢᠯᠠᠭᠠᠵᠤ᠂ ᠨᠡᠩ ᠰᠠᠶᠢᠨ ᠦᠢᠯᠡᠴᠢᠯᠡᠭᠡ ᠬᠠᠩᠭᠠᠬᠤ ᠪᠠᠷ ᠴᠢᠷᠮᠠᠶᠢᠵᠤ ᠪᠣᠢ᠃ ᠡᠨᠡ ᠬᠦ ᠡᠮᠡᠭᠲᠡᠶᠢᠴᠦᠳ ᠤᠨ ᠡᠩᠨᠡᠭᠡ ᠨᠢ ᠡᠮᠡᠭᠲᠡᠶᠢᠴᠦᠳ ᠲᠤ ᠯᠡ ᠪᠠᠶᠢᠳᠠᠭ ᠣᠶᠠᠨ ᠬᠠᠳᠠᠨ ᠵᠤᠷᠢᠭ ᠰᠠᠨᠠᠭ᠎ᠠ ᠪᠠᠷ ᠮᠠᠯᠴᠢᠳ ᠤᠨ ᠢᠲᠡᠭᠡᠯ ᠢ ᠣᠯᠵᠤ ︽ᠳᠣᠲᠣᠨᠣ ᠬᠥᠮᠦᠨ︾ ᠪᠣᠯᠵᠤ ᠲᠡᠶᠢᠯᠦᠭᠰᠡᠨ ᠪᠠᠶᠢᠨ᠎ᠠ᠃ ᠲᠡᠳᠡ ᠲᠠᠯ᠎ᠠ ᠨᠤᠲᠤᠭ ᠤᠨ ᠭᠦᠨ ᠳᠤ ᠭᠦᠨᠵᠡᠭᠡᠶᠢᠷᠡᠵᠦ᠂ ᠮᠠᠯᠵᠢᠬᠤ ᠲᠠᠷᠢᠶᠠᠯᠠᠬᠤ ᠡᠷᠦᠬᠡ ᠶᠢᠨ ᠬᠡᠷᠡᠭᠴᠡᠭᠡ ᠱᠠᠭᠠᠷᠳᠠᠯᠭ᠎ᠠ ᠶᠢ ᠣᠶᠢᠯᠠᠭᠠᠨ᠂ ᠲᠦᠭ ᠲᠦᠮᠡᠨ ᠡᠷᠦᠬᠡ ᠡᠷᠦᠬᠡ ᠶᠢᠨ ᠡᠵᠡᠩᠨᠡᠯᠲᠡ ᠦᠢᠯᠡᠳᠪᠦᠷᠢᠯᠡᠯ ᠳᠤ ᠮᠥᠩᠭᠦᠨ ᠭᠦᠢᠯᠭᠡᠭᠡᠨ ᠤ ᠦᠢᠯᠡᠴᠢᠯᠡᠭᠡ ᠬᠠᠩᠭᠠᠵᠤ᠂ ᠵᠢᠭᠡᠯᠡᠯᠭᠡ ᠨᠢ ᠬᠠᠷᠢᠶ᠎ᠠ 3 ᠪᠠᠯᠭᠠᠰᠤ᠂ 4 ᠰᠤᠮᠤ᠂ 71 ᠭᠠᠴᠠᠭ᠎ᠠ ᠲᠣᠰᠬᠤᠨ ᠢ ᠬᠠᠮᠤᠷᠴᠦ᠂ ᠲᠠᠷᠢᠶᠠᠴᠢᠨ ᠡᠷᠦᠬᠡ ᠶᠢᠨ ᠵᠢᠭᠡᠯᠡᠯᠭᠡ ᠶᠢᠨ ᠪᠦᠷᠬᠦᠴᠡ ᠶᠢᠨ ᠨᠤᠷᠮ᠎ᠠ 100% ᠳᠤ ᠬᠦᠷᠴᠦ᠂ ᠮᠠᠯᠵᠢᠬᠤ ᠲᠠᠷᠢᠶᠠᠯᠠᠬᠤ ᠡᠷᠦᠬᠡ ᠶᠢᠨ ᠡᠵᠡᠩᠨᠡᠯᠲᠡ ᠬᠥᠭᠵᠢᠯᠲᠡ ᠳᠤ ᠬᠦᠴᠦᠨ ᠨᠡᠮᠡᠷᠢᠯᠡᠵᠦ᠂ ᠪᠤᠳᠠᠳᠤ ᠠᠵᠢᠯᠯᠠᠭ᠎ᠠ ᠪᠠᠷ ᠢᠶᠠᠨ ᠬᠠᠷᠢᠭᠤᠴᠠᠯᠭ᠎ᠠ ᠪᠠ ᠡᠭᠦᠷᠭᠡᠯᠡᠯ ᠢᠶᠠᠨ ᠦᠨᠡᠨᠬᠦ ᠪᠡᠶᠡᠯᠡᠬᠦᠯᠪᠡ᠃      ᠵᠢᠵᠢᠭ ᠪᠢᠴᠢᠯ ᠠᠵᠤ ᠠᠬᠤᠶᠢᠯᠠᠯ ᠳᠤ ᠦᠢᠯᠡᠴᠢᠯᠡᠬᠦ ᠠᠵᠢᠯ ᠤᠨ ᠳᠤᠮᠳᠠ᠂ ᠴᠢᠩᠭ᠎ᠠ ᠨᠢᠮᠪᠠᠢ ᠠᠵᠢᠯ ᠤᠨ ᠰᠤᠷᠲᠠᠯ ᠢᠶᠠᠷ᠂ ᠵᠢᠵᠢᠭ ᠪᠢᠴᠢᠯ ᠠᠵᠤ ᠠᠬᠤᠶᠢᠯᠠᠯ ᠤᠨ ᠪᠡᠯᠡ ᠲᠣᠬᠢᠷᠠᠭᠤᠯᠭ᠎ᠠ ᠳᠤ ᠠᠩᠬᠠᠷᠤᠯ ᠢᠶᠠᠨ ᠬᠠᠨᠳᠤᠭᠤᠯᠵᠤ᠂ ᠵᠢᠵᠢᠭ ᠪᠢᠴᠢᠯ ᠠᠵᠤ ᠠᠬᠤᠶᠢᠯᠠᠯ ᠤᠨ ᠪᠠᠲᠤ ᠪᠠᠬᠢ ᠲᠦᠰᠢᠭ ᠪᠣᠯᠵᠤ ᠪᠠᠶᠢᠳᠠᠭ᠃ ᠲᠡᠳᠡ ᠠᠵᠢᠯ ᠤᠨ ᠳᠤᠮᠳᠠ ᠲᠤᠯᠭᠠᠷᠠᠵᠤ ᠪᠠᠶᠢᠭ᠎ᠠ ᠬᠦᠴᠢᠷ ᠪᠡᠷᠬᠡᠰᠢᠶᠡᠯ ᠢ ᠬᠠᠮᠲᠤ ᠪᠠᠷ ᠢᠯᠠᠨ ᠳᠠᠪᠠᠵᠤ᠂ ᠦᠨᠡᠨᠴᠢ ᠢᠲᠡᠭᠡᠮᠵᠢ ᠶᠢ ᠡᠷᠬᠢᠮᠯᠡᠨ᠂ ᠠᠪᠠᠭ᠎ᠠ ᠬᠤᠰᠢᠭᠤᠨ ᠤ ᠵᠠᠬ᠎ᠠ ᠵᠡᠭᠡᠯᠢ᠂ ᠬᠤᠷᠰᠢᠶ᠎ᠠ ᠲᠡᠯᠭᠡᠭᠦᠷ ᠲᠤ᠂ ᠤᠬᠠᠭᠤᠯᠭ᠎ᠠ ᠪᠠᠶᠢᠴᠠᠭᠠᠯᠲᠠ ᠰᠠᠶᠢᠳᠤᠷ ᠦᠷᠨᠢᠭᠦᠯᠵᠦ᠂ ᠵᠢᠭᠡᠯᠡᠯᠭᠡ ᠶᠢᠨ ᠦᠢᠯᠡᠴᠢᠯᠡᠭᠡ᠂ ᠶᠠᠪᠤᠴᠠ ᠶᠢ ᠲᠦᠭᠦᠮᠴᠢᠯᠡᠨ ᠰᠢᠯᠢᠳᠡᠭᠵᠢᠭᠦᠯᠵᠦ᠂ ᠣᠷᠣᠨ ᠨᠤᠲᠤᠭ ᠤᠨ ᠵᠢᠵᠢᠭ ᠪᠢᠴᠢᠯ ᠠᠵᠤ ᠠᠬᠤᠶᠢᠯᠠᠯ ᠳᠤ ᠴᠠᠭ ᠲᠤᠬᠠᠶ ᠳᠤᠨᠢ ᠪᠠᠯᠠ ᠮᠦᠩᠭᠦᠨ ᠤ ᠳᠡᠮᠵᠢᠯᠭᠡ ᠣᠯᠭᠤᠵᠤ᠂ ᠬᠦᠭᠵᠢᠯᠲᠡ ᠶᠢ ᠲᠦᠯᠬᠢᠨ ᠠᠬᠢᠭᠤᠯᠪᠠ᠃ ᠡᠯ᠎ᠡ ᠵᠦᠢᠯ ᠤᠨ ᠵᠢᠭᠡᠯᠡᠯᠭᠡ 11 ᠳ᠋ᠦᠩᠰᠢᠭᠤᠷ ᠲᠥᠭᠦᠷᠢᠭ ᠲᠤ ᠬᠦᠷᠴᠦ᠂ ᠪᠠᠭ᠎ᠠ ᠬᠡᠮᠵᠢᠶᠡᠨ ᠤ ᠵᠢᠭᠡᠯᠡᠯᠭᠡ ᠨᠢ ᠳ᠋ᠦᠩᠰᠢᠭᠤᠷ ᠲᠥᠭᠦᠷᠢᠭ ᠤᠨ ᠪᠣᠭᠤᠮᠲᠠ ᠶᠢ ᠳᠠᠪᠠᠵᠤ᠂ 1.2 ᠳ᠋ᠦᠩᠰᠢᠭᠤᠷ ᠲᠥᠭᠦᠷᠢᠭ ᠲᠤ ᠬᠦᠷᠪᠡ᠃ ᠬᠠᠯᠠᠭᠤᠮᠰᠤᠭ ᠦᠢᠯᠡᠴᠢᠯᠡᠭᠡ ᠪᠠ ᠯᠠᠪᠳᠠᠭᠤᠨ ᠪᠠᠲᠤᠲᠠᠢ ᠲᠤᠰᠬᠠᠶ ᠮᠡᠷᠭᠡᠵᠢᠯ ᠤᠨ ᠴᠢᠳᠠᠪᠤᠷᠢ ᠪᠠᠷ ᠢᠶᠠᠨ ᠬᠡᠷᠡᠭᠯᠡᠭᠴᠢᠳ ᠤᠨ  ᠬᠦᠴᠢᠷᠲᠡᠯ ᠢ ᠦᠨᠡᠨᠬᠦ ᠰᠢᠢᠳᠪᠦᠷᠢᠯᠡᠨ ᠥᠭᠴᠦ᠂ ᠮᠠᠳᠠᠭ ᠲᠠᠢ ᠠᠰᠠᠭᠤᠳᠠᠯ ᠢ ᠬᠦᠯᠢᠴᠡᠩᠭᠦᠶ ᠪᠠᠷ ᠲᠠᠶᠢᠯᠪᠦᠷᠢᠯᠡᠨ᠂ ᠰᠡᠳᠬᠢᠯ ᠲᠠᠯᠪᠢᠨ ᠬᠥᠲᠥᠯᠦᠨ ᠵᠢᠯᠣᠭᠤᠳᠴᠤ᠂ ᠮᠥᠩᠭᠦᠨ ᠭᠦᠢᠯᠭᠡᠭᠡᠨ ᠤ ᠦᠢᠯᠡᠴᠢᠯᠡᠭᠡ ᠶᠢᠨ ᠬᠦᠷᠲᠡᠮᠵᠢᠲᠦ ᠰᠡᠳᠬᠢᠭᠳᠡᠯ ᠢ ᠦᠨᠡᠨᠬᠦ ᠪᠣᠢ ᠪᠣᠯᠭᠠᠨ᠂ ᠬᠠᠷᠢᠭᠤᠴᠠᠯᠭᠠᠲᠤ ᠣᠪᠤᠷ ᠪᠠ ᠨᠠᠷᠢᠯᠢᠭ ᠦᠢᠯᠡᠴᠢᠯᠡᠭᠡ ᠪᠠᠷ ᠠᠪᠠᠭ᠎ᠠ ᠬᠤᠰᠢᠭᠤᠨ ᠤ ᠲᠠᠷᠢᠶᠠᠯᠠᠩ ᠤᠨ ᠪᠠᠩᠬᠢ ᠶᠢᠨ ᠬᠥᠭᠵᠢᠯᠲᠡ ᠶᠢᠨ ︽ᠬᠠᠭᠠᠰ ᠲᠩᠷᠢ︾ ᠶᠢ ᠲᠤᠯᠭᠠᠭᠤᠷᠢᠯᠠᠪᠠ᠃      ᠴᠣᠩᠬᠤᠪᠴᠢ ᠪᠠ ᠲᠢᠩᠬᠢᠮ ᠤᠨ ᠦᠢᠯᠡᠴᠢᠯᠡᠭᠡᠨ ᠤ ᠠᠵᠢᠯ ᠤᠨ ᠪᠠᠶᠢᠷᠢ ᠲᠡᠭᠡᠷ᠎ᠡ ᠦᠷᠯᠦᠭᠡ ᠡᠷᠲᠡ ᠠᠩᠬᠠᠨ ᠤ ᠬᠦᠮᠦᠨ ᠢᠶᠠᠨ ᠤᠭᠳᠤᠨ ᠠᠪᠴᠦ᠂ ᠤᠷᠤᠢ ᠪᠣᠯᠲᠠᠯ᠎ᠠ ᠬᠠᠮᠤᠭ ᠤᠨ ᠰᠡᠭᠦᠯᠴᠢ ᠶᠢᠨ ᠵᠤᠴᠢᠨ ᠢᠶᠠᠨ ᠦᠳᠡᠨ ᠮᠤᠷᠲᠠᠭᠤᠯᠬᠤ ᠪᠣᠯᠲᠠᠯ᠎ᠠ ᠲᠡᠷᠢᠶᠠᠯᠠᠩ ᠤᠨ ᠪᠠᠩᠭᠢ ᠶᠢᠨ ᠠᠵᠢᠯᠲᠠᠨ ᠮᠠᠨᠢ ᠬᠠᠯᠠᠭᠤᠨ ᠢᠨᠢᠶᠠᠮᠰᠤᠭ᠍ᠯᠡᠯ ᠪᠠ ᠳᠤᠰᠬᠠᠢ ᠮᠠᠷᠭᠡᠵᠢᠯ ᠤᠨ ᠦᠢᠯᠡᠴᠢᠯᠡᠭᠡ ᠪᠠᠨ ᠡᠭᠡᠨᠡᠭᠲᠡ ᠪᠠᠷᠢᠮᠲᠠᠯᠠᠨ᠂ ᠳᠠᠬᠢᠨ ᠳᠠᠪᠳᠠᠭᠳᠠᠬᠤ ᠠᠵᠢᠯ ᠢᠶᠠᠨ ᠦᠴᠦᠭᠡᠨ ᠴᠦ ᠲᠦᠪᠡᠭᠯᠡᠬᠦ ᠦᠭᠡᠢ ᠪᠠᠷ ᠪᠡᠶᠡᠯᠡᠭᠦᠯᠵᠦ᠂ ᠨᠠᠰᠣᠲᠠᠨ ᠪᠠ ᠶᠠᠪᠤᠵᠤ ᠰᠠᠭᠤᠬᠤ ᠳᠤ ᠲᠦᠭᠦᠮ ᠦᠭᠡᠢ ᠬᠦᠮᠦᠰ᠂ ᠳᠤᠬᠠᠶᠢᠯᠠᠭᠰᠠᠨ ᠠᠵᠢᠯ ᠤᠨ ᠠᠯᠬᠤᠮ ᠳᠠᠷᠠᠭ᠎ᠠ ᠶᠢ ᠰᠠᠶᠢᠳᠤᠷ ᠣᠶᠢᠯᠠᠭᠠᠵᠤ ᠲᠡᠶᠢᠯᠬᠦ ᠦᠭᠡᠢ ᠬᠦᠮᠦᠰ ᠢ ᠬᠠᠪᠰᠤᠷᠤᠨ ᠭᠦᠢᠴᠡᠳᠭᠡᠵᠦ᠂ ᠡᠷᠬᠢᠮ ᠲᠡᠭᠡᠲᠦ ᠣᠪᠤᠷ ᠰᠤᠷᠲᠠᠯ᠂ ᠯᠠᠪᠳᠠᠭᠤᠨ ᠪᠠᠲᠤᠲᠠᠢ ᠠᠵᠢᠯ ᠤᠨ ᠴᠢᠳᠠᠪᠤᠷᠢ ᠪᠠᠨ ᠣᠯᠠᠨ ᠲᠦᠮᠡᠨ ᠤ ᠰᠡᠳᠬᠢᠯ ᠢ ᠲᠤᠯᠠᠭᠠᠴᠠᠭᠤᠯᠵᠤ᠂ ᠠᠷᠠᠳ ᠲᠦᠮᠡᠨ ᠳᠤ ᠦᠨᠡᠨᠬᠦ ᠦᠢᠯᠡᠴᠢᠯᠡᠬᠦ ᠶᠢ ᠪᠡᠶᠡᠯᠡᠭᠦᠯᠵᠦ ᠲᠡᠶᠢᠯᠦᠭᠰᠡᠨ ᠪᠠᠶᠢᠨ᠎ᠠ᠃      ᠪᠠᠭ᠎ᠠ ᠵᠢᠵᠢᠭ ᠠᠵᠤ ᠠᠬᠤᠶᠢᠯᠠᠯ ᠤᠨ ᠦᠰᠦᠨ ᠪᠤᠶᠢᠵᠢᠯᠲᠠ ᠳᠤ ᠬᠦᠴᠦᠨ ᠨᠡᠮᠡᠷᠢᠯᠡᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠳᠤ ᠢᠳᠡᠪᠬᠢᠯᠡᠨ ᠰᠢᠭᠤᠷᠬᠠᠶᠢᠯᠠᠵᠤ ᠪᠠᠶᠢᠭ᠎ᠠ ᠬᠠᠯᠠᠭᠤᠨ ᠰᠡᠳᠬᠢᠯᠭᠡ ᠲᠠᠢ᠂ ᠠᠪᠠᠭ᠎ᠠ ᠬᠤᠰᠢᠭᠤᠨ ᠤ ᠲᠠᠷᠢᠶᠠᠯᠠᠩ ᠤᠨ ᠪᠠᠩᠬᠢ ᠶᠢᠨ ᠡᠮᠡᠭᠳᠡᠶᠢᠴᠦᠳ ᠮᠠᠨᠢ ᠦᠪᠡᠷ ᠦᠪᠡᠷ ᠤᠨ ᠠᠵᠢᠯ ᠤᠨ ᠪᠠᠶᠢᠷᠢ ᠲᠡᠭᠡᠷ᠎ᠡ ᠭᠡᠷᠡᠯ ᠬᠢᠯᠪᠠᠭ᠎ᠠ ᠪᠠᠨ ᠰᠠᠴᠤᠷᠠᠭᠤᠯᠵᠤ᠂ ᠪᠠᠲᠤ ᠴᠢᠩᠭ᠎ᠠ ᠲᠤᠰᠬᠠᠢ ᠮᠡᠷᠭᠡᠵᠢᠯ ᠤᠨ ᠴᠢᠳᠠᠪᠤᠷᠢ ᠪᠠ ᠬᠠᠯᠠᠭᠤᠮᠰᠤᠭ ᠦᠢᠯᠡᠴᠢᠯᠡᠭᠡᠨ ᠤ ᠬᠠᠷᠢᠭᠤᠴᠠᠯᠭᠠᠲᠤ ᠣᠪᠤᠷ᠂ ᠤᠶᠠᠨ ᠬᠠᠳᠠᠨ ᠴᠢᠨᠠᠷ ᠢᠶᠠᠷ ᠢᠶᠠᠨ ᠮᠥᠩᠭᠦᠨ ᠭᠦᠢᠯᠭᠡᠭᠡᠨ ᠤ ᠰᠢᠰᠲ᠋ᠧᠮ ᠳᠤ ᠡᠭᠦᠷᠭᠡ ᠬᠠᠷᠢᠭᠤᠴᠠᠯᠭ᠎ᠠ ᠪᠠᠨ ᠭᠢᠯᠠᠯᠵᠠᠳᠠᠯ᠎ᠠ ᠪᠡᠶᠡᠯᠡᠭᠦᠯᠵᠦ᠂ ᠣᠷᠣᠨ ᠨᠤᠲᠤᠭ ᠤᠨ ᠠᠵᠤ ᠠᠬᠤᠢ ᠶᠢᠨ ᠬᠥᠭᠵᠢᠯᠲᠡ ᠳᠤ ᠬᠦᠴᠦᠨ ᠨᠡᠮᠡᠷᠢᠯᠡᠵᠦ᠂ ᠵᠢᠳᠭᠦᠯ ᠦᠵᠡᠭᠦᠯᠦᠨ ᠠᠵᠢᠯᠯᠠᠵᠤ ᠪᠠᠶᠢᠨ᠎ᠠ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号