3 ᠰᠠᠷ᠎ᠠ ᠶᠢᠨ 4 ᠤ ᠡᠳᠦᠷ᠂ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠠᠵᠢᠯ ᠤᠨ ᠵᠦᠪᠯᠡᠯ ᠤᠨ ᠳᠡᠳ᠋ ᠡᠷᠬᠢᠯᠡᠭᠴᠢ᠂ ᠬᠤᠰᠢᠭᠤ ᠨᠠᠮ ᠤᠨ ᠬᠤᠷᠢᠶᠠᠨ ᠤ ᠱᠦᠵᠢ ᠰᠦᠨ ᠵᠢᠶᠦ᠋ᠨ ᠳ᠋ᠡ ᠠᠨ | ᠨᠡᠭᠦᠷᠡᠰᠦᠨ ᠠᠭᠤᠷᠬᠠᠢ᠂ ᠭᠤᠷᠴᠢ ᠠᠭᠤᠷᠬᠠᠢ ᠶᠢᠨ ᠦᠢᠯᠡᠰ᠂ ᠯᠦᠩ ᠰᠢᠩ ᠠᠭᠤᠷᠬᠠᠢ ᠶᠢᠨ ᠦᠢᠯᠡᠰ ᠵᠢᠴᠢ ᠬᠡᠰᠡᠭ | ᠮᠠᠯᠴᠢᠨ ᠡᠷᠦᠬᠡ ᠶᠢ ᠭᠦᠨᠵᠡᠭᠡᠶᠢᠷᠡᠵᠦ᠂ ᠠᠵᠤ ᠠᠬᠤᠶᠢᠯᠠᠯ ᠤᠨ ᠡᠵᠡᠩᠨᠡᠯᠲᠡ᠂ ᠠᠶᠤᠯᠭᠦᠢ ᠦᠢᠯᠡᠳᠪᠦᠷᠢᠯᠡᠯ᠂ ᠮᠠᠯ | ᠠᠵᠤ ᠠᠬᠤᠢ ᠶᠢᠨ ᠬᠥᠭᠵᠢᠯᠲᠡ ᠵᠢᠴᠢ ᠪᠦᠬᠦ ᠤᠯᠤᠰ ᠤᠨ ︽ᠬᠤᠶᠠᠷ ᠬᠤᠷᠠᠯ︾ ᠤᠨ ᠬᠤᠭᠤᠴᠠᠭᠠᠨ ᠳᠠᠬᠢ ᠠᠮᠤᠷ | ᠲᠣᠭᠲᠠᠭᠤᠨ ᠢ ᠬᠠᠮᠠᠭᠠᠯᠠᠬᠤ ᠵᠡᠷᠭᠡ ᠠᠵᠢᠯ ᠤᠨ ᠲᠣᠭᠤᠷᠢᠨ ᠳᠤ ᠲᠤᠬᠠᠢ ᠶᠢᠨ ᠭᠠᠵᠠᠷ ᠲᠤᠨᠢ ᠪᠠᠶᠢᠴᠠᠭᠠᠨ | ᠰᠤᠳᠤᠯᠤᠯᠲᠠ ᠬᠢᠪᠡ᠃ | ᠰᠦᠨ ᠵᠢᠶᠦ᠋ᠨ ᠠᠭᠤᠷᠬᠠᠢ ᠶᠢᠨ ᠠᠵᠤ ᠠᠬᠤᠶᠢᠯᠠᠯ ᠳᠤ ᠪᠠᠶᠢᠴᠠᠭᠠᠨ ᠰᠤᠳᠤᠯᠤᠯᠲᠠ ᠬᠢᠬᠦ ᠳᠡᠭᠡᠨ᠂ | ᠠᠭᠤᠷᠬᠠᠢ ᠶᠢᠨ ᠬᠤᠳᠳᠤᠭ ᠤᠨ ᠦᠢᠯᠡᠳᠪᠦᠷᠢᠯᠡᠯ ᠤᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ᠃ | ᠲᠡᠷᠡ᠂ ᠠᠶᠤᠯᠭᠦᠶ ᠦᠢᠯᠡᠳᠪᠦᠷᠢᠯᠡᠯ ᠪᠣᠯ ᠠᠵᠤ ᠠᠬᠤᠶᠢᠯᠠᠯ ᠤᠨ ᠬᠥᠭᠵᠢᠯᠲᠡ ᠶᠢᠨ ᠠᠮᠢᠨ ᠰᠤᠳᠠᠰᠤ ᠮᠥᠨ᠂ | ᠡᠷᠬᠡᠪᠰᠢ ᠴᠠᠭ ᠢᠮᠠᠭᠲᠠ ᠡᠨᠡ ᠬᠦ ᠬᠥᠪᠴᠢ ᠶᠢ ᠴᠢᠩᠭᠠᠯᠠᠵᠤ᠂ ᠬᠡᠮ ᠰᠣᠭᠤᠭ ᠢ ᠵᠢᠭᠰᠠᠭᠠᠨ ᠪᠠᠶᠢᠴᠠᠭᠠᠬᠤ ᠶᠢ | ᠴᠢᠩᠭᠠᠳᠬᠠᠨ᠂ ᠪᠠᠴᠢᠮ ᠪᠠᠶᠢᠳᠠᠯ ᠢ ᠠᠷᠭᠠᠴᠠᠭᠠᠬᠤ ᠲᠥᠰᠦᠯ ᠢ ᠲᠡᠭᠦᠯᠳᠡᠷᠵᠢᠭᠦᠯᠵᠦ᠂ ᠪᠥᠬᠦ ᠬᠤᠰᠢᠭᠤᠨ ᠤ | ᠠᠶᠤᠯᠭᠦᠶ ᠦᠢᠯᠡᠳᠪᠦᠷᠢᠯᠡᠯ ᠤᠨ ᠪᠠᠶᠢᠳᠠᠯ ᠤᠨ ᠦᠷᠭᠦᠯᠵᠢᠯᠡᠨ ᠲᠣᠭᠲᠠᠭᠤᠨ ᠢᠶᠠᠷ ᠰᠠᠶᠢᠵᠢᠷᠠᠬᠤ ᠶᠢ ᠪᠠᠲᠤᠯᠠᠬᠤ | ᠬᠡᠷᠡᠭᠲᠡᠶ᠃ ᠠᠵᠠ ᠲᠣᠬᠢᠶᠠᠯ ᠢ ᠡᠵᠡᠮᠳᠡᠵᠦ᠂ ᠠᠵᠢᠯ ᠢᠶᠠᠨ ᠡᠬᠢᠯᠡᠭᠦᠯᠦᠨ᠂ ᠦᠢᠯᠡᠳᠪᠦᠷᠢᠯᠡᠯ ᠢᠶᠠᠨ ᠰᠡᠷᠭᠦᠭᠡᠬᠦ ᠶᠢ | ᠲᠦᠷᠭᠡᠳᠬᠡᠨ ᠠᠬᠢᠭᠤᠯᠵᠤ᠂ ᠦᠢᠯᠡᠳᠪᠦᠷᠢᠯᠡᠯ ᠤᠨ ᠴᠢᠳᠠᠪᠤᠷᠢ ᠪᠠᠨ ᠳᠡᠭᠡᠭᠰᠢᠯᠡᠭᠦᠯᠦᠨ᠂ ᠨᠢᠭᠡᠳᠦᠭᠡᠷ ᠤᠯᠠᠷᠢᠯ ᠳᠤ ︽ | ᠰᠠᠶᠢᠨ ᠡᠬᠢᠯᠡᠯᠲᠡ︾ ᠲᠠᠢ ᠪᠠᠶᠢᠬᠤ ᠶᠢ ᠪᠠᠲᠤᠯᠠᠬᠤ ᠬᠡᠷᠡᠭᠲᠡᠢ᠃ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ︽ | ᠠᠵᠤ ᠠᠬᠤᠶᠢᠯᠠᠯ ᠢ ᠳᠡᠮᠵᠢᠬᠦ ᠠᠵᠢᠯᠯᠠᠭ᠎ᠠ︾ ᠶᠢ ᠯᠠᠪᠳᠠᠭᠤᠨ ᠪᠠᠲᠤᠲᠠᠶ ᠦᠷᠨᠢᠭᠦᠯᠦᠨ᠂ ᠠᠵᠤ ᠠᠬᠤᠶᠢᠯᠠᠯ ᠤᠨ | ᠬᠡᠷᠡᠭᠴᠡᠭᠡ ᠱᠠᠭᠠᠷᠳᠠᠯᠭ᠎ᠠ ᠶᠢ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠬᠤᠳᠠᠯᠳᠤᠭ᠎ᠠ ᠡᠷᠭᠢᠯᠡᠬᠦ ᠣᠷᠴᠢᠨ | ᠨᠥᠬᠦᠴᠡᠯ ᠢ ᠰᠢᠯᠢᠳᠡᠭᠵᠢᠭᠦᠯᠦᠨ᠂ ᠠᠵᠤ ᠠᠬᠤᠶᠢᠯᠠᠯ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠲᠡᠶ ᠪᠠᠲᠤᠯᠠᠭ᠎ᠠ | ᠬᠠᠩᠭᠠᠬᠤ ᠬᠡᠷᠡᠭᠲᠡᠶ᠃ | ᠰᠦᠨ ᠵᠢᠶᠦ᠋ᠨ ᠠᠴᠠ ᠮᠠᠯᠴᠢᠳ ᠤᠨ ᠲᠥᠯ ᠲᠤᠰᠴᠤ ᠪᠤᠶᠢᠵᠢᠭᠤᠯᠬᠤ᠂ ᠲᠡᠵᠢᠭᠡᠯ ᠡᠪᠡᠰᠦ ᠪᠣᠷᠳᠤᠭ᠎ᠠ | ᠨᠥᠭᠡᠴᠡᠯᠡᠬᠦ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠣᠳᠣᠬᠠᠨ ᠳᠤ ᠶᠠᠭ ᠲᠥᠯ ᠲᠤᠰᠴᠤ ᠪᠤᠶᠢᠵᠢᠭᠤᠯᠬᠤ | ᠵᠠᠩᠭᠢᠯᠠᠭ᠎ᠠ ᠶᠢᠨ ᠬᠤᠭᠤᠴᠠᠭᠠᠨ ᠳᠤ ᠪᠠᠶᠢᠵᠤ᠂ ᠡᠯ᠎ᠡ ᠰᠤᠮᠤ ᠪᠠᠯᠭᠠᠰᠤ ᠵᠢᠴᠢ ᠬᠤᠯᠪᠣᠭᠳᠠᠯ ᠪᠦᠬᠦᠢ ᠰᠠᠯᠠᠭ᠎ᠠ | ᠮᠥᠴᠢᠷ ᠤᠨ ᠬᠢᠨ ᠲᠥᠯ ᠲᠤᠰᠴᠤ ᠪᠤᠶᠢᠵᠢᠭᠤᠯᠬᠤ ᠬᠤᠭᠤᠴᠠᠭᠠᠨ ᠳᠠᠬᠢ ᠦᠢᠯᠡᠴᠢᠯᠡᠭᠡ ᠪᠠᠲᠤᠯᠠᠭ᠎ᠠ ᠶᠢᠨ ᠠᠵᠢᠯ ᠢ | ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠶᠢᠨ ᠬᠠᠮᠲᠤ ᠥᠷᠭᠡᠨ ᠤᠯᠠᠨ ᠮᠠᠯᠴᠢᠨ ᠲᠦᠮᠡᠨ ᠢ ᠬᠦᠳᠦᠯᠦᠨ | ᠵᠢᠯᠣᠭᠤᠳᠴᠤ ᠪᠠᠶᠢᠭᠠᠳ ᠠᠮᠢ ᠠᠬᠤᠢ ᠶᠢᠨ ᠲᠠᠩᠰᠠ᠂ ᠠᠵᠤ ᠠᠬᠤᠢ ᠶᠢᠨ ᠳᠠᠩᠰᠠ ᠪᠣᠯᠤᠨ ᠠᠮᠢᠳᠤᠷᠠᠯ ᠤᠨ | ᠲᠠᠩᠰᠠ ᠶᠢ ᠰᠠᠶᠢᠲᠤᠷ ᠪᠤᠳᠤᠵᠤ᠂ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠬᠠᠮᠢᠶ᠎ᠠ ᠪᠦᠬᠦᠢ ᠱᠠᠭᠠᠷᠳᠠᠯᠭ᠎ᠠ ᠶᠢ | ᠴᠢᠩᠭ᠎ᠠ ᠨᠠᠶᠢᠳᠠᠪᠦᠷᠢᠵᠢᠭᠤᠯᠤᠨ᠂ ᠴᠥᠭᠡᠨ ᠲᠡᠵᠢᠭᠡᠵᠦ ᠨᠠᠷᠢᠯᠢᠭ ᠲᠡᠵᠢᠭᠡᠬᠦ ᠥᠨᠳᠥᠷ ᠪᠦᠲᠦᠮᠵᠢᠲᠡᠢ ᠵᠠᠮ ᠢᠶᠠᠷ | ᠵᠠᠮᠨᠠᠵᠤ᠂ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠵᠢᠭᠠᠵᠤ | ᠭᠠᠷᠭᠠᠪᠠ᠃ | ᠬᠤᠰᠢᠭᠤ ᠨᠠᠮ ᠤᠨ ᠬᠤᠷᠢᠶᠡᠨ ᠤ ᠪᠠᠶᠢᠩᠭᠤ ᠶᠢᠨ ᠭᠡᠰᠢᠭᠦᠨ᠂ ᠨᠠᠮ ᠤᠨ ᠠᠯᠪᠠᠨ ᠬᠡᠷ ᠤᠨ ᠡᠷᠬᠢᠯᠡᠭᠴᠢ ᠷᠧᠨ | ᠬᠤᠤ᠂ ᠬᠤᠰᠢᠭᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠪᠠᠴᠢᠮ ᠪᠠᠶᠢᠳᠠᠯ ᠢ | ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠬᠠᠷᠢᠭᠤᠴᠠᠯᠭᠠᠲᠠᠨ ᠪᠠᠷ᠎ᠠ ᠪᠣᠯᠵᠣ ᠪᠠᠶᠢᠴᠠᠭᠠᠨ ᠰᠤᠳᠤᠯᠤᠯᠲᠠ | ᠬᠢᠪᠠ᠃ |