ᠠᠪᠠᠭ᠎ᠠ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠠᠨᠠᠯ᠂ ᠰᠠᠨᠠᠭᠤᠯᠭ᠎ᠠ ᠪᠠ ᠰᠢᠭᠦᠮᠵᠢᠯᠡᠯ ᠵᠢᠴᠢ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠳᠤᠷᠠᠳᠤᠯᠭ᠎ᠠ ᠶᠢ ᠲᠤᠰᠢᠶᠠᠨ ᠰᠢᠢᠳᠪᠦᠷᠢᠯᠡᠭᠦᠯᠬᠦ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/3/17
     3 ᠰᠠᠷ᠎ᠠ ᠶᠢᠨ 4 ᠤ ᠡᠳᠦᠷ᠂ ᠠᠪᠠᠭ᠎ᠠ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢᠳ ᠤᠨ ᠰᠠᠨᠠᠯ᠂ ᠰᠠᠨᠠᠭᠤᠯᠭ᠎ᠠ ᠪᠠ ᠰᠢᠭᠦᠮᠵᠢᠯᠡᠯ ᠵᠢᠴᠢ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠳᠤᠷᠠᠳᠤᠯᠭ᠎ᠠ ᠶᠢ ᠲᠤᠰᠢᠶᠠᠨ ᠰᠢᠢᠳᠪᠦᠷᠢᠯᠡᠭᠦᠯᠬᠦ ᠬᠤᠷᠠᠯ ᠬᠤᠷᠠᠯᠳᠤᠭᠤᠯᠵᠤ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠬᠤᠰᠢᠭᠤ ᠳᠡᠳ᠋ ᠳᠠᠷᠤᠭ᠎ᠠ ᠭᠧ ᠶᠦᠩ ᠵᠢᠶᠦ᠋ᠨ ᠬᠤᠷᠠᠯ ᠡᠷᠬᠢᠯᠡᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠡᠷᠬᠢᠮᠲᠦ᠂ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠡᠷᠳᠡᠨᠢᠪᠠᠭᠠᠲᠤᠷ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃      ᠬᠤᠷᠠᠯ ᠠᠴᠠ᠂ ᠰᠠᠨᠠᠭᠤᠯᠭ᠎ᠠ ᠰᠠᠨᠠᠯ ᠳᠤᠷᠠᠳᠤᠯᠭ᠎ᠠ ᠪᠣᠯ ᠨᠡᠶᠢᠭᠡᠮ ᠤᠨ ᠪᠠᠶᠢᠳᠠᠯ᠂ ᠠᠷᠠᠳ ᠤᠨ ᠰᠠᠨᠠᠭ᠎ᠠ ᠪᠣᠯᠤᠨ ᠣᠯᠠᠨ ᠲᠦᠮᠡᠨ ᠤ ᠣᠶᠤᠨ ᠤᠬᠠᠭᠠᠨ ᠤ ᠲᠥᠪᠯᠡᠷᠡᠩᠭᠦᠶ ᠢᠯᠡᠷᠡᠯ ᠮᠥᠨ᠂ ᠠᠷᠠᠳ ᠣᠯᠠᠨ ᠤ ᠵᠠᠰᠠᠭ ᠤᠨ ᠶᠠᠪᠤᠳᠠᠯ ᠳᠤ ᠣᠷᠣᠯᠴᠠᠨ ᠲᠥᠷᠥ ᠶᠢᠨ ᠶᠠᠪᠤᠳᠠᠯ ᠢ ᠵᠥᠪᠯᠡᠬᠦ᠂ ᠠᠷᠠᠳᠴᠢᠯᠠᠯ ᠢᠶᠠᠷ ᠬᠢᠨᠠᠯᠲᠠ ᠲᠠᠯᠪᠢᠬᠤ ᠴᠢᠬᠤᠯᠠ ᠠᠴᠢᠶᠠᠯᠠᠪᠤᠷᠢ ᠮᠥᠨ᠃ ᠡᠯ᠎ᠡ ᠳᠠᠭᠠᠭᠠᠨ ᠠᠪᠴᠤ ᠰᠢᠢᠳᠪᠦᠷᠢᠯᠡᠬᠦ ᠰᠠᠯᠠᠭ᠎ᠠ ᠮᠥᠴᠢᠷ ᠤᠳ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠰᠠᠨᠠᠭᠤᠯᠭ᠎ᠠ ᠰᠠᠨᠠᠯ ᠳᠤᠷᠠᠳᠤᠯᠭ᠎ᠠ ᠶᠢ ᠰᠢᠢᠳᠪᠦᠷᠢᠯᠡᠬᠦ ᠠᠵᠢᠯ ᠢ ᠰᠠᠶᠢᠲᠤᠷ ᠬᠢᠬᠦ ᠶᠢᠨ ᠴᠢᠬᠤᠯᠠ ᠴᠢᠨᠠᠷ᠂ ᠵᠠᠶᠢᠯᠠᠰᠢ ᠦᠭᠡᠢ ᠴᠢᠨᠠᠷ ᠢ ᠭᠦᠢᠴᠡᠳ ᠲᠠᠨᠢᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠠᠨᠠᠭᠤᠯᠭ᠎ᠠ ᠪᠠ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠳᠤᠷᠠᠳᠤᠯᠭ᠎ᠠ ᠶᠢ ᠰᠢᠢᠳᠪᠦᠷᠢᠯᠡᠬᠦ ᠠᠵᠢᠯ ᠤᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠪᠠᠲᠤᠯᠠᠬᠤ ᠬᠡᠷᠡᠭᠲᠡᠢ᠃ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠲᠤᠰᠢᠶᠠᠨ ᠰᠢᠢᠳᠪᠦᠷᠢᠯᠡᠭᠦᠯᠦᠭᠰᠡᠨ ᠰᠠᠨᠠᠭᠤᠯᠭ᠎ᠠ ᠰᠠᠨᠠᠯ ᠳᠤᠷᠠᠳᠤᠯᠭ᠎ᠠ ᠶᠢ ᠨᠠᠷᠢᠨ ᠨᠢᠮᠪᠠᠢ ᠲᠥᠯᠥᠪᠵᠢᠭᠦᠯᠵᠦ᠂ ᠦᠨᠡᠨᠬᠦ ᠬᠡᠷᠡᠭᠵᠢᠭᠦᠯᠵᠦ ᠪᠣᠯᠬᠤᠶᠢᠴᠠ ᠬᠡᠷᠡᠭᠵᠢᠭᠦᠯᠬᠦ ᠲᠥᠰᠦᠯ ᠪᠣᠯᠤᠨ ᠠᠷᠭ᠎ᠠ ᠬᠡᠮᠵᠢᠶ᠎ᠡ ᠶᠢ ᠲᠤᠭᠲᠠᠭᠠᠨ᠂ ᠲᠦᠷᠭᠡᠨ ᠬᠥᠳᠡᠯᠦᠯᠴᠡᠵᠦ᠂ ᠡᠯ᠎ᠡ ᠵᠦᠢᠯ ᠤᠨ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ᠃ ᠬᠠᠷᠢᠯᠴᠠᠭ᠎ᠠ ᠵᠣᠬᠢᠴᠠᠭᠤᠯᠭ᠎ᠠ ᠪᠠᠨ ᠴᠢᠩᠭᠠᠳᠬᠠᠵᠤ᠂ ᠰᠢᠢᠳᠪᠦᠷᠢᠯᠡᠬᠦ ᠠᠴᠠ ᠡᠮᠦᠨ᠎ᠡ᠂ ᠰᠢᠢᠳᠪᠦᠷᠢᠯᠡᠬᠦ ᠳᠤᠮᠳᠠ᠂ ᠰᠢᠢᠳᠪᠦᠷᠢᠯᠡᠭᠰᠡᠨ ᠤ ᠳᠠᠷᠠᠭᠠᠬᠢ ︽ᠭᠤᠷᠪᠠ ᠶᠢ ᠵᠤᠯᠭᠠᠭᠤᠯᠬᠤ︾ ᠡᠨᠡᠬᠦ ᠭᠤᠭᠴᠤᠭ᠎ᠠ ᠶᠢ ᠡᠵᠡᠮᠳᠡᠵᠦ᠂ ᠨᠡᠩ ᠤᠯᠠᠨ ᠲᠥᠯᠥᠭᠡᠯᠡᠭᠴᠢ ᠲᠠᠢ ᠬᠠᠷᠢᠯᠴᠠᠬᠤ᠂ ᠶᠠᠷᠢᠯᠴᠠᠨ ᠰᠣᠯᠢᠯᠴᠠᠬᠤ ᠵᠡᠷᠭᠡ ᠬᠡᠯᠪᠡᠷᠢ ᠪᠠᠷ᠂ ᠲᠥᠯᠥᠭᠡᠯᠡᠭᠴᠢ ᠭᠡᠰᠢᠭᠦᠨ ᠯᠦᠭᠡ ᠶᠢᠨ ᠬᠠᠷᠢᠯᠴᠠᠭ᠎ᠠ ᠪᠠᠨ ᠰᠠᠨᠠᠭᠠᠴᠢᠯᠠᠭ᠎ᠠ ᠠᠴᠠ ᠪᠠᠨ ᠴᠢᠩᠭᠠᠳᠬᠠᠵᠤ᠂ ᠰᠠᠨᠠᠭᠤᠯᠭ᠎ᠠ ᠰᠠᠨᠠᠯ ᠳᠤᠷᠠᠳᠤᠯᠭ᠎ᠠ ᠶᠢ ᠰᠢᠢᠳᠪᠦᠷᠢᠯᠡᠬᠦ ᠨᠤᠷᠮ᠎ᠠ ᠪᠣᠯᠤᠨ ᠲᠥᠯᠥᠭᠡᠯᠡᠭᠴᠢ ᠭᠡᠰᠢᠭᠦᠳ ᠤᠨ ᠬᠠᠨᠤᠮᠵᠢ ᠶᠢᠨ ᠬᠡᠮᠵᠢᠶ᠎ᠡ ᠶᠢᠨ ᠬᠤᠣᠰ ᠳᠡᠭᠡᠭᠰᠢᠯᠡᠯᠲᠡ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ ᠬᠡᠵᠡᠢ᠃      ᠡᠯ᠎ᠡ ᠰᠤᠮᠤ ᠪᠠᠯᠭᠠᠰᠤ᠂ ᠬᠤᠰᠢᠭᠤ ᠰᠢᠭᠤᠳ ᠬᠠᠷᠢᠶ᠎ᠠ ᠡᠯ᠎ᠡ ᠨᠢᠭᠡᠴᠡ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号