ᠠᠪᠠᠭ᠎ᠠ ᠬᠤᠰᠢᠭᠤ ︽ᠯᠧᠢ ᠹᠧᠩ ᠠᠴᠠ ᠰᠣᠷᠣᠯᠴᠠᠵᠦ · ᠪᠤᠯᠪᠠᠰᠣᠨ ᠤ ᠦᠢᠯᠡᠳᠦᠯᠭᠡ ᠶᠢ ᠦᠢᠯᠡᠳᠦᠯᠬᠡᠵᠢᠬᠦᠯᠬᠦ︾ ᠭᠤᠤᠯ ᠰᠡᠳᠦᠪᠳᠦ ᠠᠵᠢᠯᠯᠠᠭ᠎ᠠ‌ᠦᠷᠨᠢᠭᠦᠯᠪᠡ
ᠨᠡᠶᠢᠲᠡᠯᠡᠭᠰᠡᠨ ᠴᠠᠭ᠄
2025/3/17
     62 ᠳ᠋ᠤᠭᠠᠷ ︽ᠯᠸᠢ ᠹᠧᠩ ᠠᠴᠠ ᠰᠤᠷᠤᠯᠴᠠᠬᠤ ᠳᠤᠷᠠᠰᠬᠠᠯ ᠤᠨ ᠡᠳᠦᠷ ᠬᠦᠷᠴᠦ ᠢᠷᠡᠬᠦ ᠲᠠᠰᠢᠷᠠᠮ ᠢᠶᠠᠷ᠂ 3 ᠰᠠᠷ᠎ᠠ ᠶᠢᠨ 5 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠪᠠᠭ᠎ᠠ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠢᠯᠡᠴᠢᠯᠡᠭᠡᠨ ᠤ ᠲᠥᠪ ︽ᠯᠸᠢ ᠹᠧᠩ ᠠᠴᠠ ᠰᠤᠷᠤᠯᠴᠠᠵᠤ᠂ ᠪᠣᠯᠪᠠᠰᠤᠨ ᠢ ᠦᠢᠯᠡᠳᠦᠯᠭᠡᠵᠢᠬᠦᠯᠬᠦ ᠠᠵᠢᠯᠯᠠᠭ᠎ᠠ︾ ᠶᠢᠨ ᠭᠤᠣᠯ ᠰᠡᠳᠦᠪᠲᠦ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ᠯᠸᠢ ᠹᠧᠩ ᠤᠨ ᠵᠣᠷᠢᠭ ᠰᠠᠨᠠᠭ᠎ᠠ ᠶᠢ ᠲᠠᠶᠢᠯᠪᠦᠷᠢᠯᠡᠨ᠂ ᠠᠷᠠᠳ ᠲᠤ ᠪᠣᠳᠠᠲᠠᠢ ᠶᠠᠪᠤᠳᠠᠯ ᠬᠢᠵᠦ᠂ ᠬᠠᠶᠢᠷ᠎ᠠ ᠬᠠᠯᠠᠮᠵᠢ ᠶᠢ ᠳᠠᠮᠵᠢᠭᠤᠯᠪᠠ᠃ ᠠᠵᠢᠯᠯᠠᠭ᠎ᠠ ᠡᠬᠢᠯᠡᠭᠰᠡᠨ ᠤ ᠳᠠᠷᠠᠭ᠎ᠠ᠂ ᠰᠠᠶᠢᠨ ᠳᠤᠷᠠᠴᠣᠣᠯ ᠠᠴᠠ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠥᠪ ᠲᠤ ᠬᠦᠷᠴᠦ᠂ ᠤᠯᠠᠨ ᠲᠦᠮᠡᠨ ᠳᠤ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ ᠲᠦᠷᠦ ᠶᠢᠨ ᠪᠤᠳᠤᠯᠭ᠎ᠠ ᠶᠢᠨ ᠲᠠᠶᠢᠯᠤᠮᠵᠢ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠮᠡᠳᠡᠯᠭᠡ᠂ ᠡᠷᠡᠭᠦᠯ ᠰᠠᠶᠢᠬᠠᠨ ᠠᠮᠢᠳᠤᠷᠠᠯ ᠤᠨ ᠵᠦᠭᠯᠡᠭᠦᠷ ᠵᠡᠷᠭᠡ ᠤᠯᠠᠨ ᠠᠭᠤᠯᠭ᠎ᠠ ᠶᠢ ᠬᠠᠮᠤᠷᠤᠭᠰᠠᠨ ᠤ ᠬᠠᠮᠲᠤ ᠪᠠᠰᠠ ᠤᠯᠠᠨ ᠲᠦᠮᠡᠨ ᠳᠤ ᠭᠠᠷ ᠤᠨ ᠴᠠᠭᠠᠰᠤ᠂ ᠤᠭᠤᠲᠠ ᠵᠡᠷᠭᠡ ᠡᠳ᠋ ᠪᠣᠳᠠᠰ ᠢ ᠬᠦᠷᠭᠡᠪᠡ᠃ ᠲᠠᠷᠬᠠᠭᠠᠬᠤ ᠶᠠᠪᠤᠴᠠ ᠳᠤ᠂ ᠰᠠᠶᠢᠨ ᠳᠤᠷᠠᠴᠣᠣᠯ ᠤᠯᠠᠨ ᠲᠦᠮᠡᠨ ᠳᠤ ᠬᠦᠯᠢᠴᠡᠩᠭᠦᠢ ᠪᠠᠷ ᠨᠠᠷᠢᠨ ᠨᠢᠮᠪᠠᠢ ᠲᠠᠶᠢᠯᠪᠤᠷᠢᠯᠠᠨ ᠥᠭᠴᠦ᠂ ᠤᠯᠠᠨ ᠢᠶᠠᠷ ᠢᠶᠠᠨ ᠬᠤᠯᠪᠣᠭᠳᠠᠯ ᠪᠦᠬᠦᠢ ᠲᠦᠷᠦ ᠶᠢᠨ ᠪᠤᠳᠤᠯᠭ᠎ᠠ ᠶᠢᠨ ᠮᠡᠳᠡᠯᠭᠡ ᠶᠢ ᠣᠶᠢᠯᠠᠭᠠᠬᠤ ᠪᠠ ᠰᠢᠩᠭᠡᠭᠡᠨ ᠠᠪᠬᠤ ᠶᠢ ᠪᠠᠲᠤᠯᠠᠵᠤ᠂ ᠲᠤᠬᠠᠢ ᠶᠢᠨ ᠲᠠᠯᠠᠪᠠᠢ ᠶᠢᠨ ᠠᠭᠤᠷ ᠠᠮᠢᠰᠬᠤᠯ ᠬᠦᠷ ᠬᠥᠭᠵᠢᠶᠡᠨ ᠲᠠᠢ ᠪᠥᠭᠡᠳ ᠡᠶ᠎ᠡ ᠨᠠᠶᠢᠷᠲᠠᠢ ᠪᠠᠶᠢᠬᠤ ᠶᠢ ᠪᠠᠲᠤᠯᠠᠪᠠ᠃      ᠳᠠᠷᠠᠭ᠎ᠠ ᠨᠢ᠂ ᠬᠤᠰᠢᠭᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠢᠯᠡᠴᠢᠯᠡᠭᠡᠨ ᠤ ᠲᠥᠪ ᠠᠴᠠ 4 ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠥᠷᠲᠡᠭᠡ ᠲᠠᠢ ᠬᠠᠮᠲᠤᠷᠠᠨ᠂ ᠬᠤᠰᠢᠭᠤ ᠵᠡᠮᠳᠡᠭᠴᠦᠳ ᠤᠨ ᠨᠠᠶᠢᠳᠠᠨ ᠠᠰᠠᠷᠠᠭᠤᠯᠬᠤ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠲᠤ ᠭᠦᠨᠵᠡᠭᠡᠶᠢᠷᠡᠵᠦ᠂ ᠶᠠᠪᠤᠵᠤ ᠰᠠᠭᠤᠬᠤ ᠳᠤ ᠳᠥᠭᠦᠮ ᠦᠭᠡᠢ ᠨᠠᠰᠤᠲᠠᠶᠢᠴᠤᠳ ᠲᠤ ᠬᠠᠶᠢᠷ᠎ᠠ ᠬᠠᠯᠠᠮᠵᠢ ᠶᠢᠨ ᠦᠢᠯᠡᠴᠢᠯᠡᠭᠡ ᠬᠠᠩᠭᠠᠵᠤ᠂ ᠬᠥᠮᠦᠰ ᠤᠨ ᠰᠡᠳᠬᠢᠯ ᠢ ᠳᠤᠯᠠᠭᠠᠴᠠᠭᠤᠯᠪᠠ᠃ ᠡᠭᠦᠨ ᠤ ᠬᠠᠮᠲᠤ᠂ ᠡᠷᠡᠬᠦᠯ ᠬᠠᠮᠠᠭᠠᠯᠠᠯ ᠤᠨ ᠠᠵᠢᠯᠯᠠᠭ᠎ᠠ ᠶᠢ ᠰᠠᠶᠢᠳᠤᠷ ᠦᠷᠨᠢᠭᠦᠯᠵᠦ᠂ ᠬᠠᠶᠢᠷ᠎ᠠ ᠬᠠᠯᠠᠮᠵᠢ ᠪᠠᠷ ᠨᠠᠰᠣᠲᠠᠶᠢᠴᠣᠳ ᠲᠤ ᠨᠡᠶᠢᠭᠡᠮ ᠤᠨ ᠰᠠᠶᠢᠨ ᠰᠠᠶᠢᠬᠠᠨ ᠠᠭᠤᠷ ᠠᠮᠢᠰᠬᠤᠯ ᠢ ᠮᠡᠳᠡᠷᠡᠭᠦᠯᠪᠡ᠃      ᠲᠣᠰ ᠤᠳᠠᠭᠠᠨ ᠤ ᠠᠵᠢᠯᠯᠠᠭ᠎ᠠ ᠳᠤ᠂ ︽ᠨᠠᠰᠤᠲᠠᠨ ᠢᠶᠠᠨ ᠬᠦᠨᠳᠦᠯᠡᠵᠦ᠂ ᠨᠠᠰᠤᠲᠠᠨ ᠢᠶᠠᠨ ᠠᠰᠠᠷᠠᠨ᠂ ᠨᠠᠰᠤᠲᠠᠨ ᠢᠶᠠᠨ ᠬᠠᠶᠢᠷᠠᠯᠠᠬᠤ︾ ᠰᠠᠶᠢᠨ ᠰᠠᠶᠢᠬᠠᠨ ᠠᠭᠤᠷ ᠠᠮᠢᠰᠬᠤᠯ ᠢ ᠤᠯᠠᠮ ᠨᠢᠭᠡ ᠠᠯᠬᠤᠮ ᠪᠣᠶ ᠪᠣᠯᠭᠠᠵᠤ᠂ ᠰᠠᠶᠢᠨ ᠳᠤᠷᠠᠴᠣᠣᠯ ᠪᠣᠳᠠᠲᠤ ᠠᠵᠢᠯᠯᠠᠭ᠎ᠠ ᠪᠠᠷ ᠢᠶᠠᠨ ᠪᠤᠰᠤᠳ ᠲᠤ ᠬᠤᠪᠢ ᠨᠡᠮᠡᠷᠢ ᠦᠵᠡᠭᠦᠯᠦᠨ᠂ ᠢᠳᠡᠪᠬᠢᠵᠢᠯ ᠢ ᠳᠠᠶᠢᠴᠢᠯᠠᠵᠤ᠂ ᠰᠢᠨ᠎ᠡ ᠴᠠᠭ ᠦᠶ᠎ᠡ ᠶᠢᠨ ᠯᠸᠢ ᠹᠧᠩ ᠤᠨ ᠵᠣᠷᠢᠭ ᠰᠠᠨᠠᠭ᠎ᠠ ᠶᠢ ᠰᠤᠷᠲᠠᠯᠴᠢᠯᠠᠨ᠂ ᠪᠥᠬᠦ ᠬᠤᠰᠢᠭᠤᠨ ᠳᠤ ᠰᠠᠶᠢᠨ ᠰᠠᠶᠢᠬᠠᠨ ᠨᠡᠶᠢᠭᠡᠮ ᠤᠨ ᠬᠡᠪ ᠰᠤᠷᠲᠠᠯ ᠢ ᠪᠣᠶ ᠪᠣᠯᠭᠠᠪᠠ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号