ᠠᠪᠠᠭ᠎ᠠ ᠬᠤᠰᠢᠭᠤ 2025 ᠣᠨ ᠤ ︽ᠣᠷᠢᠬᠠᠨ ᠰᠠᠯᠬᠢ︾ ᠠᠬᠤᠢ ᠲᠠᠯᠠᠪᠠᠢ ᠶᠢᠨ ᠠᠵᠢᠯᠲᠠᠨ ᠡᠯᠰᠡᠬᠦ ᠠᠵᠢᠯᠯᠠᠭ᠎ᠠ ᠠᠮᠵᠢᠯᠲᠠ ᠲᠠᠢ ᠶᠠᠪᠤᠭᠳᠠᠪᠠ
ᠨᠡᠶᠢᠲᠡᠯᠡᠭᠰᠡᠨ ᠴᠠᠭ᠄
2025/3/17
     3 ᠰᠠᠷ᠎ᠠ ᠶᠢᠨ 5 ᠤ ᠡᠳᠦᠷ᠂ ᠠᠪᠠᠭ᠎ᠠ ᠬᠤᠰᠢᠭᠤ 2025 ᠣᠨ ᠤ ︽ᠣᠷᠢᠬᠠᠨ ᠰᠠᠯᠬᠢ︾ ᠲᠣᠮᠣ ᠬᠡᠯᠪᠡᠷᠢ ᠶᠢᠨ ᠲᠤᠬᠠᠶ ᠶᠢᠨ ᠲᠠᠯᠠᠪᠤᠷ ᠤᠨ ᠠᠵᠢᠯᠲᠠᠨ ᠡᠯᠰᠡᠬᠦ ᠠᠵᠢᠯᠯᠠᠭ᠎ᠠ ᠶᠢ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠥᠪ ᠲᠤ ᠠᠮᠵᠢᠯᠲᠠ ᠲᠠᠢ ᠡᠷᠭᠢᠯᠡᠪᠡ᠃ ᠲᠣᠰ ᠤᠳᠠᠭᠠᠨ ᠤ ᠠᠵᠢᠯᠯᠠᠭ᠎ᠠ ᠨᠢ ︽ᠬᠠᠪᠤᠷ ᠤᠨ ᠤᠷᠢᠬᠠᠨ ᠰᠠᠯᠬᠢᠨ ᠳᠤ ᠲᠦᠮᠡᠨ ᠪᠤᠳᠠᠰ ᠠᠮᠢᠵᠢᠷᠠᠯ ᠢᠶᠠᠷ ᠪᠢᠯᠬᠠᠵᠤ ᠨᠠᠷᠢᠯᠢᠭ ᠤᠨᠤᠪᠴᠢᠲᠠᠢ ᠦᠢᠯᠡᠴᠢᠯᠡᠭᠡ ᠪᠠᠷ ᠠᠷᠠᠳ ᠤᠨ ᠰᠡᠳᠬᠢᠯ ᠢ ᠳᠤᠯᠠᠭᠠᠴᠠᠭᠤᠯᠬᠤ︾ ᠪᠠᠷ ᠭᠤᠤᠯ ᠰᠡᠳᠦᠪᠲᠦ ᠠᠵᠢᠯᠯᠠᠭ᠎ᠠ ᠦᠷᠨᠢᠭᠦᠯᠵᠦ᠂ ᠴᠠᠭᠠᠨ ᠰᠠᠷ᠎ᠠ ᠶᠢᠨ ᠳᠠᠷᠠᠭᠠᠬᠢ ᠠᠵᠤ ᠠᠬᠤᠶᠢᠯᠠᠯ ᠤᠨ ᠠᠵᠢᠯ ᠡᠬᠢᠯᠡᠭᠦᠯᠵᠦ᠂ ᠦᠢᠯᠡᠳᠪᠦᠷᠢᠯᠡᠯ ᠢᠶᠠᠨ ᠰᠡᠷᠭᠦᠭᠡᠬᠦ ᠪᠠ ᠬᠥᠳᠡᠯᠮᠦᠷᠢᠴᠢᠳ ᠤᠨ ᠠᠵᠢᠯ ᠡᠷᠢᠵᠦ ᠠᠵᠢᠯ ᠣᠯᠭᠤᠬᠤ ︽ᠠᠯᠲᠠᠨ ᠴᠠᠭ︾ ᠢ ᠵᠠᠪᠳᠤᠨ᠂ ᠬᠠᠩᠭᠠᠯᠭ᠎ᠠ ᠬᠡᠷᠡᠭᠴᠡᠭᠡ ᠶᠢ ᠵᠣᠯᠭᠠᠭᠤᠯᠬᠤ ᠥᠨᠳᠥᠷ ᠪᠦᠲᠦᠮᠵᠢᠲᠡᠶ ᠲᠠᠪᠴᠠᠩ ᠢ ᠪᠠᠶᠢᠭᠤᠯᠵᠤ᠂ ᠪᠥᠬᠦ ᠵᠢᠯ ᠤᠨ ᠠᠵᠢᠯ ᠣᠯᠭᠤᠯᠲᠠ ᠶᠢᠨ ᠠᠵᠢᠯ ᠢ ᠠᠮᠵᠢᠯᠲᠠ ᠲᠠᠢ ᠡᠬᠢᠯᠡᠭᠦᠯᠵᠦ᠂ ᠰᠠᠶᠢᠨ  ᠰᠠᠶᠢᠬᠠᠨ ᠤᠷᠴᠢᠨ ᠢ ᠪᠣᠢ ᠪᠣᠯᠭᠠᠪᠠ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠬᠤᠰᠢᠭᠤ ᠳᠡᠳ᠋ ᠳᠠᠷᠤᠭ᠎ᠠ ᠭᠧ ᠶᠦᠩ ᠵᠢᠶᠦ᠋ᠨ ᠠᠵᠢᠯᠯᠠᠭ᠎ᠠ ᠳᠤ ᠤᠷᠤᠯᠴᠠᠪᠠ᠃      ᠠᠵᠢᠯᠲᠠᠨ ᠡᠯᠰᠡᠬᠦ ᠠᠵᠢᠯᠯᠠᠭ᠎ᠠ ᠶᠢᠨ ᠠᠬᠤᠶ ᠲᠠᠯᠠᠪᠠᠶ ᠶᠢᠨ ᠠᠭᠤᠷ ᠠᠮᠢᠰᠬᠤᠯ ᠬᠥᠷ ᠬᠥᠭᠵᠢᠶᠡᠨ ᠢᠶᠠᠷ ᠪᠢᠯᠬᠠᠵᠤ᠂ ᠠᠵᠢᠯ ᠡᠷᠢᠭᠰᠡᠳ ᠲᠣᠪᠴᠢ ᠨᠠᠮᠲᠠᠷ ᠢᠶᠠᠨ ᠳᠡᠪᠰᠢᠭᠦᠯᠵᠦ᠂ ᠣᠷᠬᠢᠯᠦᠮ᠎ᠡ ᠬᠠᠯᠠᠭᠤᠨ ᠰᠡᠳᠬᠢᠯᠭᠡ ᠪᠠᠷ ᠠᠵᠢᠯ ᠤᠨ ᠪᠠᠶᠢᠷᠢ ᠡᠷᠢᠬᠦ ᠠᠵᠢᠯᠯᠠᠭ᠎ᠠ ᠳᠤ ᠤᠷᠤᠯᠴᠠᠪᠠ᠃ ᠬᠤᠰᠢᠭᠤ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠨᠢ ᠠᠵᠢᠯᠲᠠᠨ ᠡᠯᠰᠡᠬᠦ ᠬᠤᠷᠠᠯ ᠤᠨ ᠲᠤᠬᠠᠶ ᠶᠢᠨ ᠲᠠᠯᠠᠪᠤᠷ ᠲᠤ ᠤᠨᠴᠠᠯᠢᠬᠳᠤ ᠬᠥᠳᠡᠯᠮᠦᠷᠢ ᠦᠢᠯᠡᠴᠢᠯᠡᠭᠡᠨ ᠤ ᠨᠠᠷᠠᠲᠤ ᠲᠥᠷᠥᠯ ᠲᠡᠮᠳᠡᠭᠲᠦ ᠶᠢᠨ ᠦᠵᠡᠭᠦᠯᠭᠡ ᠶᠢᠨ ᠲᠣᠭᠤᠷᠢᠭ᠂ ᠠᠵᠢᠯ ᠡᠷᠢᠬᠦ ᠳᠡᠩᠰᠡᠯᠡᠯᠲᠡ ᠶᠢᠨ ᠲᠣᠭᠤᠷᠢᠭ᠂ ᠲᠥᠷᠥ ᠶᠢᠨ ᠪᠣᠳᠣᠯᠭ᠎ᠠ ᠶᠢᠨ ᠵᠥᠪᠯᠡᠯᠭᠡ ᠥᠭᠬᠦ ᠲᠣᠭᠤᠷᠢᠭ ᠢ ᠳᠣᠭᠢᠷᠠᠭᠤᠯᠵᠤ᠂ ᠠᠵᠤ ᠠᠬᠤᠶᠢᠯᠠᠯ ᠪᠠ ᠠᠵᠢᠯ ᠡᠷᠢᠭᠰᠡᠳ ᠲᠤ ᠨᠠᠷᠢᠯᠢᠭ ᠣᠨᠣᠴᠠᠲᠠᠶ ᠲᠤᠬᠠᠶ ᠶᠢᠨ ᠲᠠᠯᠠᠪᠤᠷ ᠤᠨ ᠵᠢᠯᠣᠭᠤᠳᠣᠯᠭ᠎ᠠ ᠪᠠ ᠲᠥᠷᠥ ᠶᠢᠨ ᠪᠣᠳᠣᠯᠭ᠎ᠠ ᠶᠢᠨ ᠵᠥᠪᠯᠡᠯᠭᠡ ᠥᠭᠬᠦ ᠦᠢᠯᠡᠴᠢᠯᠡᠭᠡ ᠬᠠᠩᠭᠠᠪᠠ᠃ ᠬᠤᠷᠠᠯ ᠳᠤ ᠣᠷᠣᠯᠴᠠᠭᠰᠠᠨ ᠠᠵᠤ ᠠᠬᠤᠶᠢᠯᠠᠯ ᠤᠨ ᠠᠵᠢᠯᠲᠠᠳ ᠡᠷᠲᠡᠬᠡᠨ ᠲᠤᠬᠠᠢ ᠶᠢᠨ ᠲᠠᠯᠠᠪᠠᠢ ᠳᠤ ᠬᠦᠷᠴᠦ᠂ ᠬᠤᠭᠤᠰᠣᠨ ᠠᠵᠢᠯ ᠤᠨ ᠪᠠᠶᠢᠷᠢ ᠶᠢᠨ ᠠᠵᠢᠯ ᠤᠨ ᠲᠦᠷᠦᠯ᠂ ᠬᠠᠷᠠᠭᠠᠯᠵᠠᠯ᠂ ᠡᠯᠰᠡᠭᠰᠡᠨ ᠬᠥᠮᠦᠨ ᠤ ᠲᠤᠭ᠎ᠠ ᠶᠢ ᠱᠠᠭᠠᠷᠳᠠᠯᠭ᠎ᠠ ᠶᠣᠰᠣᠭᠠᠷ ᠦᠵᠡᠭᠦᠯᠦᠯᠭᠡ ᠶᠢᠨ ᠰᠠᠮᠪᠠᠷ᠎ᠠ ᠪᠠᠷ ᠳᠡᠯᠭᠡᠨ ᠦᠵᠡᠭᠦᠯᠦᠭᠰᠡᠨ ᠤ ᠬᠠᠮᠲᠤ  ᠠᠵᠢᠯ ᠡᠷᠢᠭᠰᠡᠳ ᠲᠤ ᠠᠵᠤ ᠠᠬᠤᠶᠢᠯᠠᠯ ᠤᠨ ᠦᠨᠳᠦᠰᠦᠨ ᠪᠠᠶᠢᠳᠠᠯ᠂ ᠠᠵᠢᠯ ᠤᠨ ᠣᠷᠴᠢᠨ᠂ ᠴᠠᠯᠢᠩ ᠣᠯᠭᠤᠮᠵᠢ ᠵᠡᠷᠭᠡ ᠶᠢ ᠲᠠᠨᠢᠯᠴᠠᠭᠤᠯᠪᠠ᠃ ᠠᠵᠢᠯ ᠡᠷᠢᠭᠰᠡᠳ ᠡᠯ᠎ᠡ ᠠᠵᠤ ᠠᠬᠤᠶᠢᠯᠠᠯ ᠤᠨ ᠦᠵᠡᠭᠦᠯᠦᠯᠭᠡ ᠶᠢᠨ ᠲᠠᠨᠢᠯᠴᠠᠭᠤᠯᠭ᠎ᠠ ᠠᠴᠠ᠂ ᠠᠵᠢᠯᠲᠠᠨ ᠡᠯᠰᠡᠬᠦ ᠮᠡᠳᠡᠭᠡ ᠵᠠᠩᠭᠢ ᠶᠢ ᠨᠠᠷᠢᠨ ᠬᠢᠨᠠᠮᠠᠭᠠᠶ ᠦᠵᠡᠵᠦ᠂ ᠲᠤᠰᠬᠠᠶ ᠮᠡᠷᠭᠡᠵᠢᠯ ᠤᠨ ᠠᠵᠢᠯ ᠲᠥᠷᠥᠯ ᠤᠨ ᠰᠢᠰᠲ᠋ᠧᠮ ᠤᠨ ᠠᠵᠢᠯ ᠤᠨ ᠪᠠᠶᠢᠷᠢ ᠶᠢ ᠬᠢᠨᠠᠮᠠᠭᠠᠶ ᠰᠣᠩᠭᠤᠵᠤ᠂ ᠬᠤᠶᠠᠷ ᠲᠠᠯ᠎ᠠ ᠪᠠᠷ ᠢᠶᠠᠨ ᠵᠥᠪᠳᠡᠯᠴᠡᠨ ᠶᠠᠷᠢᠯᠴᠠᠵᠤ᠂ ᠡᠶ᠎ᠡ ᠵᠤᠬᠢᠴᠠᠯ ᠲᠠᠢ ᠠᠭᠤᠷ ᠠᠮᠢᠰᠬᠤᠯ ᠤᠨ ᠳᠤᠮᠳᠠ ᠡᠮᠬᠢ ᠲᠢᠭᠯᠢᠮ ᠲᠠᠢ ᠶᠠᠪᠤᠭᠳᠠᠵᠤ ᠪᠠᠶᠢᠯ᠎ᠠ᠃ ᠲᠣᠰ ᠤᠳᠠᠭᠠᠨ ᠤ ᠠᠵᠢᠯᠲᠠᠨ ᠡᠯᠰᠡᠬᠦ ᠠᠵᠢᠯᠯᠠᠭ᠎ᠠ ᠨᠢ ᠪᠥᠬᠦ ᠬᠤᠰᠢᠭᠤᠨ ᠤ ᠴᠢᠨᠠᠷ ᠰᠠᠶᠢᠲᠠᠶ ᠠᠵᠤ ᠠᠬᠤᠶᠢᠯᠠᠯ ᠤᠨ ᠡᠬᠢ ᠪᠠᠶᠠᠯᠢᠭ ᠢ ᠬᠤᠷᠠᠮᠳᠤᠭᠤᠯᠵᠤ᠂ ︽ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠣᠯᠠᠨ ᠡᠰᠢᠲᠦ ᠦᠢᠯᠡᠴᠢᠯᠡᠭᠡ︾ ᠶᠢᠨ ᠵᠠᠭᠪᠤᠷ ᠲᠠᠢ ᠤᠶᠠᠯᠳᠤᠭᠤᠯᠤᠨ᠂ ᠠᠵᠢᠯ ᠡᠷᠢᠭᠰᠡᠳ ᠪᠠ ᠬᠥᠮᠦᠨ ᠬᠡᠷᠡᠭᠯᠡᠬᠦ ᠨᠢᠭᠡᠴᠡ ᠶᠢ ᠪᠦᠳᠦᠮᠵᠢᠲᠡᠢ ᠵᠤᠯᠭᠠᠭᠤᠯᠬᠤ ᠳᠠᠪᠴᠠᠩ ᠬᠠᠩᠭᠠᠵᠤ ᠥᠭᠪᠡ᠃ ᠲᠣᠰ ᠤᠳᠠᠭᠠᠨ ᠤ ᠠᠵᠢᠯᠲᠠᠨ ᠡᠯᠰᠡᠬᠦ ᠠᠵᠢᠯᠯᠠᠭ᠎ᠠ ᠨᠢ ᠬᠤᠰᠢᠭᠤᠨ ᠳᠣᠲᠣᠷᠠᠬᠢ 10 ᠠᠵᠤ ᠠᠬᠤᠶᠢᠯᠠᠯ ᠢ ᠵᠣᠬᠢᠶᠠᠨ ᠪᠠᠶᠢᠭᠤᠯᠤᠨ ᠳᠠᠶᠢᠴᠢᠯᠠᠵᠤ᠂ ᠨᠡᠶᠢᠲᠡ 589 ᠠᠵᠢᠯ ᠤᠨ ᠪᠠᠶᠢᠷᠢ ᠬᠠᠩᠭᠠᠪᠠ︔ ᠡᠭᠦᠨ ᠤ ᠬᠠᠮᠲᠤ᠂ ᠲᠤᠬᠠᠶ ᠶᠢᠨ ᠲᠠᠯᠠᠪᠤᠷ ᠲᠤ ᠠᠵᠢᠯ ᠡᠷᠢᠭᠰᠡᠳ ᠲᠤ ᠰᠢᠯᠢ ᠶᠢᠨ ᠭᠤᠤᠯ ᠠᠶᠢᠮᠠᠭ ᠤᠨ ᠣᠷᠣᠨ ᠪᠦᠰᠡ ᠠᠯᠤᠰᠯᠠᠭᠰᠠᠨ 211 ᠬᠥᠳᠡᠯᠮᠦᠷᠢ ᠦᠢᠯᠡᠴᠢᠯᠡᠭᠡᠨ ᠤ ᠬᠠᠮᠵᠢᠯᠴᠠᠭᠠᠨ ᠤ ᠠᠵᠤ ᠠᠬᠤᠶᠢᠯᠠᠯ ᠢ ᠲᠠᠨᠢᠯᠴᠠᠭᠤᠯᠵᠤ᠂ 4250 ᠠᠵᠢᠯ ᠤᠨ ᠪᠠᠶᠢᠷᠢ ᠬᠠᠩᠭᠠᠪᠠ᠃ ᠠᠵᠢᠯᠲᠠᠨ ᠡᠯᠰᠡᠬᠦ ᠬᠤᠷᠠᠯ ᠤᠨ ᠠᠬᠤᠶ ᠲᠠᠯᠠᠪᠠᠶ ᠶᠢᠨ ᠠᠭᠤᠷ ᠠᠮᠢᠰᠬᠤᠯ ᠬᠥᠷ ᠬᠥᠭᠵᠢᠶᠡᠨ ᠢᠶᠠᠷ ᠪᠢᠯᠬᠠᠵᠤ᠂ 400 ᠭᠠᠷᠤᠶ ᠬᠥᠮᠦᠨ ᠤᠳᠠᠭ᠎ᠠ ᠲᠠᠯᠠᠪᠠᠶ ᠳᠤ ᠣᠷᠣᠵᠤ ᠠᠰᠠᠭᠤᠨ ᠯᠠᠪᠯᠠᠵᠤ᠂ ᠠᠵᠢᠯ ᠤᠨ ᠪᠠᠶᠢᠷᠢ ᠡᠷᠢᠪᠡ᠃ ᠠᠵᠢᠯᠯᠠᠭ᠎ᠠ ᠶᠢᠨ ᠬᠤᠭᠤᠴᠠᠭᠠᠨ ᠳᠤ᠂ ᠡᠯ᠎ᠡ ᠲᠥᠷᠥᠯ ᠤᠨ ᠤᠬᠠᠭᠤᠯᠭ᠎ᠠ ᠶᠢᠨ ᠮᠠᠲ᠋ᠧᠷᠢᠶᠠᠯ ᠢ ᠨᠡᠶᠢᠲᠡ 500 ᠭᠠᠷᠤᠶ ᠬᠤᠪᠢ ᠲᠠᠷᠬᠠᠭᠠᠵᠤ᠂ ᠬᠤᠤᠰ ᠴᠢᠭᠯᠡᠯ ᠢᠶᠠᠷ ᠰᠣᠩᠭᠤᠬᠤ ᠪᠠᠷ ᠳᠡᠮᠵᠢᠨ᠂ ᠲᠤᠬᠠᠶ ᠶᠢᠨ ᠲᠠᠯᠠᠪᠤᠷ ᠲᠤ 50 ᠭᠠᠷᠤᠶ ᠬᠦᠮᠦᠨ ᠠᠩᠬ᠎ᠠ ᠠᠯᠬᠤᠮ ᠠᠵᠢᠯ ᠣᠯᠭᠤᠯᠲᠠ ᠶᠢ ᠪᠡᠶᠡᠯᠡᠭᠦᠯᠪᠡ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号