3 ᠰᠠᠷ᠎ᠠ ᠶᠢᠨ 6 ᠤ ᠡᠳᠦᠷ᠂ ᠠᠪᠠᠭ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠥᠪ ᠨᠢ ᠡᠯ᠎ᠡ ᠳᠤᠮᠳᠠᠳᠤ | ᠪᠠᠭ᠎ᠠ ᠰᠤᠷᠭᠠᠭᠤᠯᠢ ᠳᠤ ᠬᠦᠷᠴᠦ ᠨᠣᠮ ᠪᠢᠴᠢᠭ ᠬᠠᠨᠳᠢᠪᠯᠠᠬᠤ ᠠᠵᠢᠯᠯᠠᠭ᠎ᠠ ᠥᠷᠨᠢᠭᠦᠯᠪᠡ᠂ ᠲᠣᠰ ᠤᠳᠠᠭᠠᠨ ᠤ | ᠠᠵᠢᠯᠯᠠᠭ᠎ᠠ ᠪᠣᠯ ᠰᠢᠯᠢ ᠶᠢᠨ ᠭᠤᠤᠯ ᠠᠶᠢᠮᠠᠭ ᠤᠨ ᠬᠠᠮ ᠵᠠᠭᠤᠴᠢᠯᠠᠭᠤᠷ ᠤᠨ ᠵᠠᠭᠤᠨ ᠵᠢᠯ ᠤᠨ ᠠᠪᠤᠷᠭᠤ ᠲᠠᠷᠬᠠᠳ᠂ | ᠠᠳᠢᠳᠠᠰ ᠬᠠᠮᠲᠤᠷᠠᠨ ︽ᠰᠣᠶᠣᠯ ᠲᠠᠮᠢᠷ ᠢ ᠰᠤᠷᠭᠠᠭᠤᠯᠢ ᠳᠤ ᠬᠦᠷᠭᠡᠬᠦ︾ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ | ᠪᠣᠯᠤᠨ᠎ᠠ᠃ ᠡᠭᠦᠨ ᠤ ᠵᠣᠷᠢᠯᠭ᠎ᠠ ᠨᠢ ᠰᠣᠶᠣᠯ ᠪᠠ ᠪᠡᠶ᠎ᠡ ᠶᠢᠨ ᠲᠠᠮᠢᠷ ᠤᠨ ᠠᠭᠤᠰᠤᠯᠴᠠᠯ ᠢᠶᠠᠷ ᠳᠠᠮᠵᠢᠭᠤᠯᠤᠨ᠂ | ᠵᠠᠯᠠᠭᠤᠴᠤᠳ ᠪᠠᠭᠠᠴᠤᠳ ᠤᠨ ᠦᠰᠦᠨ ᠪᠤᠶᠢᠵᠢᠯᠲᠠ ᠳᠤ ᠬᠦᠴᠦᠷᠬᠡᠭ ᠶᠡᠭᠡ ᠣᠶᠤᠨ ᠰᠠᠨᠠᠭᠠᠨ ᠤ ᠬᠥᠳᠡᠯᠭᠡᠬᠦ | ᠬᠦᠴᠦᠨ ᠢ ᠣᠯᠭᠤᠬᠤ ᠶᠢᠨ ᠲᠥᠯᠥᠭᠡ ᠶᠤᠮ᠃ | ︽ᠵᠠᠭᠤᠨ ᠵᠢᠯ ᠤᠨ ᠠᠪᠤᠷᠭᠤ ᠳᠠᠷᠬᠠᠨ︾ ᠨᠢ ᠲᠤᠮᠤ ᠬᠡᠯᠪᠡᠷᠢ ᠶᠢᠨ ᠰᠢᠷᠢᠰ ᠨᠡᠷᠡᠲᠦ ᠬᠦᠮᠦᠰ ᠤᠨ | ᠨᠠᠮᠲᠠᠷ ᠤᠨ ᠺᠢᠨᠣ᠋ ᠪᠣᠯᠤᠭᠰᠠᠨ ᠤ ᠬᠤᠪᠢ ᠳᠤ᠂ 20 ᠳ᠋ᠤᠭᠠᠷ ᠵᠠᠭᠤᠨ ᠠᠴᠠ ᠨᠠᠰᠢᠬᠢ ᠳᠤᠮᠳᠠᠳᠤ ᠶᠢᠨ | ᠦᠨᠳᠦᠰᠦᠲᠡᠨ ᠳᠤ ᠲᠤᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠨᠡᠷᠡᠳᠦ ᠬᠥᠮᠦᠰ ᠤᠨ ᠯᠤᠲᠤ ᠶᠡᠭᠡ ᠠᠮᠵᠢᠯᠲᠠ ᠳᠤ | ᠠᠩᠬᠠᠷᠤᠯ ᠢᠶᠠᠨ ᠲᠥᠪᠯᠡᠷᠡᠭᠦᠯᠵᠦ᠂ ᠲᠡᠳᠡᠨ ᠤ ᠠᠮᠢᠳᠤᠷᠠᠯ ᠤᠨ ᠦᠩᠭᠡᠷᠡᠯᠲᠡ᠂ ᠭᠠᠷᠮᠠᠭᠠᠢ ᠵᠢᠳᠭᠦᠯ ᠪᠣᠯᠤᠨ ᠠᠭᠤᠤ | ᠶᠡᠭᠡ ᠬᠠᠶᠢᠷ᠎ᠠ ᠰᠡᠳᠬᠢᠯᠭᠡ ᠶᠢ ᠠᠮᠢᠳᠤᠯᠢᠭ ᠢᠶᠠᠷ ᠬᠠᠷᠠᠭᠤᠯᠪᠠ᠃ ᠲᠤᠰ ᠪᠠᠷᠢᠮᠲᠠᠲᠤ ᠹᠢᠯᠢᠮ ᠨᠢ ᠤᠷᠠᠨ ᠵᠢᠷᠤᠭ᠂ | ᠤᠷᠠᠨ ᠪᠢᠴᠢᠯᠭᠡ᠂ ᠪᠠᠷᠢᠯᠭ᠎ᠠ᠂ ᠬᠢᠲᠠᠳ ᠡᠮᠨᠡᠯᠭᠡ᠂ ᠰᠤᠷᠭᠠᠨ ᠬᠥᠮᠦᠵᠢᠯ᠂ ᠪᠡᠶ᠎ᠡ ᠶᠢᠨ ᠲᠠᠮᠢᠷ ᠵᠡᠷᠭᠡ ᠬᠦᠷᠢᠶᠡᠨ ᠤ | 50 ᠭᠠᠷᠤᠶ ᠨᠡᠷᠡᠲᠦ ᠬᠦᠮᠦᠰ ᠢ ᠰᠡᠭᠦᠳᠡᠷᠯᠡᠭᠰᠡᠨ ᠪᠥᠭᠡᠳ ᠰᠢᠷᠢᠰ ᠴᠤᠪᠤᠷᠠᠯ ᠪᠢᠴᠢᠭ ᠢ ᠬᠡᠪᠯᠡᠭᠦᠯᠪᠡ᠃ ᠡᠲᠡᠭᠡᠷ | ᠬᠤᠪᠣᠷ ᠨᠠᠨᠳᠢᠨ ᠰᠣᠶᠣᠯ ᠤᠨ ᠣᠷᠠᠨ ᠪᠦᠲᠦᠭᠡᠯ ᠨᠢ ᠵᠠᠯᠠᠭᠤᠴᠤᠳ ᠪᠠᠭᠠᠴᠤᠳ ᠤᠨ ᠬᠡᠪ ᠰᠤᠷᠲᠠᠯ ᠢ ᠣᠯᠠᠮᠵᠢᠯᠠᠬᠤ᠂ | ᠦᠵᠡᠯ ᠰᠠᠨᠠᠭ᠎ᠠ ᠣᠶᠤᠨ ᠤᠬᠠᠭᠠᠨ ᠤ ᠲᠡᠵᠢᠭᠡᠯ ᠬᠦᠷᠲᠡᠬᠦ᠂ ᠤᠯᠤᠰ ᠢᠶᠠᠨ ᠬᠠᠶᠢᠷᠠᠯᠠᠬᠤ ᠰᠡᠳᠬᠢᠯᠭᠡ ᠶᠢ | ᠨᠡᠮᠡᠭᠳᠡᠭᠦᠯᠬᠦ ᠳᠤ ᠡᠯᠪᠡᠭ ᠪᠠᠶᠠᠯᠢᠭ ᠪᠣᠷᠣ ᠮᠠᠲ᠋ᠧᠷᠢᠶᠠᠯ ᠬᠠᠩᠭᠠᠭᠰᠠᠨ ᠪᠠᠶᠢᠨ᠎ᠠ᠃ | ᠲᠤᠬᠠᠶ ᠶᠢᠨ ᠲᠠᠯᠠᠪᠠᠶ ᠳᠤ᠂ ᠠᠪᠠᠭ᠎ᠠ ᠬᠤᠰᠢᠭᠤᠨ ᠤ ᠬᠠᠮ ᠵᠠᠭᠤᠴᠢᠯᠠᠭᠤᠷ ᠤᠨ ᠲᠥᠪ ᠤᠨ ᠠᠵᠢᠯᠲᠠᠳ | ᠰᠤᠷᠭᠠᠭᠤᠯᠢ ᠶᠢᠨ ᠪᠠᠭᠰᠢ ᠰᠤᠷᠤᠭᠴᠢᠳ ᠲᠤ ︽ᠵᠠᠭᠤᠨ ᠵᠢᠯ ᠤᠨ ᠠᠪᠤᠷᠭᠤ ᠲᠠᠷᠬᠠᠨ︾ ᠤ ᠰᠢᠷᠢᠰ ᠴᠣᠪᠣᠷᠠᠯ ᠢ | ᠲᠠᠨᠢᠯᠴᠠᠭᠤᠯᠵᠤ᠂ ᠰᠤᠷᠭᠠᠭᠤᠯᠢ ᠠᠴᠠ ᠨᠣᠮ ᠪᠢᠴᠢᠭ ᠢ ᠰᠡᠳᠬᠢᠯ ᠪᠠᠭ᠋ᠠᠳᠤᠨ ᠣᠩᠰᠢᠬᠤ ᠶᠢ ᠵᠤᠷᠢᠭᠵᠢᠭᠤᠯᠵᠤ᠂ | ᠨᠣᠮ ᠠᠴᠠ ᠥᠯᠢᠭᠡᠷ ᠳᠠᠭᠤᠷᠢᠶᠠᠯ ᠤᠨ ᠬᠦᠴᠦᠨ ᠢ ᠰᠢᠩᠭᠡᠭᠡᠨ ᠠᠪᠴᠤ᠂ ᠨᠣᠮ ᠤᠩᠰᠢᠬᠤ᠂ ᠰᠠᠶᠢᠨ ᠨᠣᠮ | ᠤᠩᠰᠢᠬᠤ᠂ ᠨᠣᠮ ᠤᠩᠰᠢᠬᠤ ᠰᠠᠶᠢᠨ ᠰᠠᠶᠢᠬᠠᠨ ᠵᠠᠩ ᠳᠠᠳᠬᠠᠯ ᠢ ᠪᠣᠶ ᠪᠣᠯᠭᠠᠵᠤ᠂ ᠰᠣᠶᠣᠯ ᠤᠨ ᠢᠲᠡᠭᠡᠯ ᠢᠶᠠᠨ | ᠪᠠᠲᠤᠳᠬᠠᠵᠤ᠂ ︽ᠠᠪᠤᠷᠭᠤ ᠳᠠᠷᠬᠠᠨ ᠤ ᠵᠣᠷᠢᠭ ᠰᠠᠨᠠᠭ᠎ᠠ︾ ᠶᠢ ᠪᠠᠳᠠᠷᠠᠭᠤᠯᠬᠤ ᠶᠢ ᠵᠣᠷᠢᠭᠵᠢᠭᠤᠯᠪᠠ᠃ ᠲᠣᠰ | ᠤᠳᠠᠭ᠎ᠠ ᠨᠡᠶᠢᠲᠡ 4 ᠰᠤᠷᠭᠠᠭᠤᠯᠢ ᠳᠤ 100 ᠭᠠᠷᠤᠶ ᠳᠡᠪᠲᠡᠷ ᠨᠣᠮ ᠬᠠᠨᠳᠢᠪᠯᠠᠪᠠ᠃ | ᠣᠶᠢᠯᠠᠭᠠᠭᠰᠠᠨ ᠢᠶᠠᠷ᠂ ᠲᠣᠰ ᠤᠳᠠᠭ᠎ᠠ ᠲᠠᠷᠬᠠᠭᠠᠭᠰᠠᠨ ︽ᠵᠠᠭᠤᠨ ᠵᠢᠯ ᠤᠨ ᠠᠪᠤᠷᠭᠤ ᠲᠠᠷᠬᠠᠨ︾ ᠤ ᠰᠢᠷᠢᠰ | ᠴᠣᠪᠣᠷᠠᠯ ᠨᠣᠮ ᠨᠢ ᠳᠤᠮᠳᠠᠳᠤ ᠤᠯᠤᠰ ᠤᠨ ᠵᠠᠯᠠᠭᠤᠴᠤᠳ ᠤᠨ ᠦᠢᠯᠡᠰ ᠪᠤᠰᠬᠠᠵᠤ ᠠᠵᠢᠯ ᠣᠯᠭᠤᠬᠤ ᠰᠠᠭᠤᠷᠢ | ᠮᠥᠩᠭᠦᠨ ᠤ ᠨᠡᠶᠢᠭᠡᠮᠯᠢᠭ ᠤᠨ ︽ᠵᠠᠭᠤᠨ ᠵᠢᠯ ᠤᠨ ᠠᠪᠤᠷᠭᠤ ᠳᠠᠷᠬᠠᠨ ᠠᠳᠢᠳᠠᠰ ᠤᠨ ᠰᠣᠶᠣᠯ ᠲᠠᠮᠢᠷ ᠢ | ᠰᠤᠷᠭᠠᠭᠤᠯᠢ ᠳᠤ ᠬᠦᠷᠭᠡᠬᠦ︾ ᠲᠥᠷᠥᠯ ᠵᠦᠢᠯ ᠲᠠᠢ ᠬᠤᠯᠪᠣᠭᠠᠯᠠᠵᠤ᠂ ᠲᠣᠰ ᠰᠢᠷᠢᠰ ᠴᠣᠪᠣᠷᠠᠯ ᠪᠢᠴᠢᠭ ᠨᠢ 20 | ᠳ᠋ᠤᠭᠠᠷ ᠵᠠᠭᠤᠨ ᠳᠤ ᠳᠤᠮᠳᠠᠳᠤ ᠶᠢᠨ ᠦᠨᠳᠦᠰᠦᠲᠡᠨ ᠳᠤ ᠲᠣᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠨᠠᠷᠠᠲᠤ | ᠬᠥᠮᠦᠰ ᠤᠨ ᠦᠯᠢᠭᠡᠷ ᠵᠢᠱᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ᠂ ᠤᠷᠠᠨ ᠵᠢᠷᠤᠭ᠂ ᠤᠷᠠᠨ ᠪᠢᠴᠢᠯᠭᠡ᠂ | ᠪᠠᠷᠢᠯᠭ᠎ᠠ᠂ ᠬᠢᠲᠠᠳ ᠡᠮᠨᠡᠯᠭᠡ᠂ ᠰᠤᠷᠭᠠᠨ ᠬᠥᠮᠦᠵᠢᠯ᠂ ᠪᠡᠶ᠎ᠡ ᠶᠢᠨ ᠲᠠᠮᠢᠷ ᠵᠡᠷᠭᠡ ᠬᠦᠷᠢᠶᠡᠨ ᠳᠠᠬᠢ ᠶᠡᠭᠡ ᠪᠠᠭᠰᠢ | ᠨᠡᠷᠡᠲᠦ ᠬᠦᠮᠦᠰ ᠢ ᠲᠠᠨᠢᠯᠴᠠᠭᠤᠯᠵᠤ᠂ ᠵᠠᠯᠠᠭᠤᠴᠤᠳ ᠪᠠᠭᠠᠴᠤᠳ ᠠᠴᠠ ᠨᠡᠷᠡᠲᠦ ᠬᠦᠮᠦᠰ ᠤᠨ ᠬᠡᠪ ᠨᠠᠮᠪᠠ ᠶᠢ | ᠭᠦᠨᠵᠡᠭᠡᠶ ᠣᠶᠢᠯᠠᠭᠠᠵᠤ᠂ ᠦᠵᠡᠯ ᠰᠠᠨᠠᠭ᠎ᠠ ᠣᠶᠤᠨ ᠤᠬᠠᠭᠠᠨ ᠢ ᠰᠢᠩᠭᠡᠭᠡᠨ ᠠᠪᠴᠤ᠂ ᠡᠬᠡ ᠤᠷᠤᠨᠴᠢ ᠬᠠᠶᠢᠷ᠎ᠠ | ᠰᠡᠳᠬᠢᠯᠭᠡ ᠶᠢ ᠵᠤᠵᠠᠭᠠᠳᠬᠠᠪᠠ᠃ | ᠢᠷᠡᠭᠡᠳᠦᠢ ᠶᠢᠨ ᠠᠵᠢᠯᠯᠠᠭ᠎ᠠ ᠶᠢ ᠠᠬᠢᠭᠤᠯᠬᠤ ᠳᠤᠮᠳᠠ᠂ ᠰᠢᠯᠢ ᠶᠢᠨ ᠭᠤᠣᠯ ᠠᠢᠮᠠᠭ ᠤᠨ | ᠵᠠᠭᠤᠴᠢᠯᠠᠭᠤᠷ ᠤᠨ ᠬᠢᠨ᠂ ᠵᠠᠭᠤᠨ ᠵᠢᠯ ᠤᠨ ᠠᠪᠤᠷᠭᠤ ᠳᠠᠷᠬᠠᠨ ᠪᠣᠯᠤᠨ ᠠᠳᠢᠳᠠᠰ ᠲᠠᠢ ᠨᠢᠭᠲᠠ ᠬᠠᠮᠵᠢᠯᠴᠠᠵᠤ᠂ | ᠲᠤᠰ ᠲᠤᠰ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ︽ᠵᠠᠭᠤᠨ ᠵᠢᠯ ᠤᠨ ᠠᠪᠤᠷᠭᠤ ᠳᠠᠷᠬᠠᠨ︾ ᠰᠢᠷᠢᠰ | ᠨᠣᠮ ᠵᠢᠴᠢ ᠠᠳᠢᠳᠠᠰ ᠪᠡᠶ᠎ᠡ ᠶᠢᠨ ᠲᠠᠮᠢᠷ ᠤᠨ ᠬᠡᠷᠡᠭᠰᠡᠯ ᠢ ᠬᠠᠨᠳᠢᠪᠯᠠᠬᠤ ᠪᠠᠷ ᠳᠠᠮᠵᠢᠨ᠂ ᠭᠤᠣᠯ ᠰᠡᠳᠦᠪᠲᠦ | ᠲᠠᠢᠯᠦᠮᠵᠢ᠂ ᠪᠡᠶ᠎ᠡ ᠶᠢᠨ ᠲᠠᠮᠢᠷ ᠤᠨ ᠤᠷᠤᠯᠳᠤᠭᠠᠨ ᠵᠡᠷᠭᠡ ᠣᠯᠠᠨ ᠲᠦᠷᠦᠯ ᠤᠨ ᠠᠵᠢᠯᠯᠠᠭ᠎ᠠ | ᠥᠷᠨᠢᠭᠦᠯᠵᠦ᠂ ᠨᠡᠩ ᠣᠯᠠᠨ ᠵᠠᠯᠠᠭᠤᠴᠤᠳ ᠪᠠᠭᠠᠴᠤᠳ ᠲᠤ ᠠᠰᠢᠭ ᠬᠦᠷᠲᠡᠭᠡᠨ᠎ᠡ᠃ ᠭᠤᠷᠪᠠᠨ ᠲᠠᠯ᠎ᠠ ᠶᠢᠨ | ᠬᠠᠮᠲᠤ ᠶᠢᠨ ᠴᠢᠷᠮᠠᠶᠢᠯᠭ᠎ᠠ ᠪᠠᠷ᠂ ᠲᠤᠰ ᠤᠳᠠᠭ᠎ᠠ ᠶᠢᠨ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠨᠢ ᠵᠠᠯᠠᠭᠤᠴᠤᠳ | ᠪᠠᠭᠠᠴᠤᠳ ᠤᠨ ᠰᠡᠳᠬᠢᠯ ᠳᠤ ᠰᠣᠶᠣᠯ ᠪᠣᠯᠤᠨ ᠪᠡᠶ᠎ᠡ ᠶᠢᠨ ᠲᠠᠮᠢᠷ ᠤᠨ ᠦᠷ᠎ᠡ ᠲᠠᠷᠢᠵᠤ᠂ ᠲᠡᠳᠡᠨ ᠤ ᠦᠰᠦᠨ | ᠪᠤᠶᠢᠵᠢᠯᠲᠠ ᠶᠢᠨ ᠵᠠᠮ ᠳᠤ ᠭᠡᠷᠡᠯ ᠭᠢᠯᠪᠠᠭ᠎ᠠ ᠨᠡᠮᠡᠷᠢᠯᠡᠵᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ | ᠮᠠᠨᠳᠤᠯᠲᠠ ᠶᠢᠨ ᠳᠤᠮᠳᠠᠳᠤ ᠶᠢᠨ ᠬᠦᠰᠡᠯ ᠵᠡᠭᠦᠳᠦ ᠶᠢ ᠲᠡᠷᠭᠡᠯᠰᠢᠭᠦᠯᠬᠦ ᠳᠤ ᠬᠦᠴᠦᠨ ᠴᠢᠳᠠᠯ ᠢᠶᠠᠨ ᠡᠷᠭᠦᠬᠦ ᠢᠲᠡᠭᠡᠯ | ᠵᠤᠷᠢᠭ ᠢ ᠬᠦᠪᠴᠢᠯᠡᠬᠦ ᠨᠢ ᠯᠠᠪᠲᠠᠢ᠃ |