3 ᠰᠠᠷ᠎ᠠ ᠶᠢᠨ 6 ᠤ ᠡᠳᠦᠷ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠠᠪᠠᠭ᠎ᠠ ᠬᠤᠰᠢᠭᠤᠨ ᠤ | ᠲᠡᠤᠬᠡ ᠶᠢᠨ ᠲᠣᠮᠣ ᠶᠠᠪᠤᠳᠠᠯ ᠤᠨ ᠲᠡᠮᠳᠡᠭᠯᠡᠯ ︵2001 - 2020︶︾ ᠶᠢᠨ ᠬᠢᠨᠠᠨ ᠲᠣᠭᠲᠠᠭᠠᠬᠤ ᠬᠤᠷᠠᠯ | ᠬᠤᠰᠢᠭᠤ ᠨᠠᠮ ᠵᠠᠰᠠᠭ ᠤᠨ ᠲᠣᠮᠣ ᠠᠰᠠᠷ ᠤᠨ ᠬᠤᠷᠠᠯ ᠤᠨ ᠬᠡᠷ ᠲᠤ ᠬᠤᠷᠠᠯᠳᠤᠪᠠ᠃ ᠬᠤᠰᠢᠭᠤ ᠨᠠᠮ ᠤᠨ | ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ᠂ ᠬᠢᠨᠠᠨ ᠲᠣᠭᠲᠠᠭᠠᠬᠤ | ᠵᠥᠪᠯᠡᠯ ᠤᠨ ᠡᠷᠬᠢᠯᠡᠭᠴᠢ ᠸᠠᠩ ᠰᠢᠶᠤᠤ ᠸᠧᠶ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠠᠶᠢᠮᠠᠭ ᠤᠨ ᠨᠠᠮ ᠤᠨ | ᠲᠡᠤᠬᠡ ᠣᠷᠣᠨ ᠨᠤᠲᠤᠭ ᠤᠨ ᠣᠶᠢᠯᠠᠯᠭ᠎ᠠ ᠰᠤᠳᠤᠯᠬᠤ ᠲᠠᠰᠤᠭ ᠤᠨ ᠳᠡᠳ᠋ ᠡᠷᠬᠢᠯᠡᠭᠴᠢ ᠵᠠᠩ ᠷᠦᠢ᠂ ᠠᠶᠢᠮᠠᠭ ᠤᠨ | ᠨᠠᠮ ᠤᠨ ᠲᠡᠤᠬᠡ ᠣᠷᠣᠨ ᠨᠤᠲᠤᠭ ᠤᠨ ᠣᠶᠢᠯᠠᠯᠭ᠎ᠠ ᠰᠤᠳᠤᠯᠬᠤ ᠲᠠᠰᠤᠭ ᠤᠨ ᠨᠢᠭᠡᠳᠦᠭᠡᠷ ᠳᠡᠰ ᠤᠨ ᠪᠠᠶᠢᠴᠠᠭᠠᠨ | ᠰᠤᠳᠤᠯᠤᠭᠴᠢ ᠯᠢ ᠵᠢᠶᠠᠨ ᠸᠧᠨ ᠬᠤᠷᠠᠯ ᠳᠤ ᠣᠷᠣᠯᠴᠠᠵᠠᠶ᠃ | ᠬᠤᠷᠠᠯ ᠠᠴᠠ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠠᠪᠠᠭ᠎ᠠ ᠬᠤᠰᠢᠭᠤᠨ ᠤ ᠲᠡᠤᠬᠡ ᠶᠢᠨ ᠲᠣᠮᠣ | ᠶᠠᠪᠤᠳᠠᠯ ᠤᠨ ᠲᠡᠮᠳᠡᠭᠯᠡᠯ ︵2001-2020︶︾ ︵ᠨᠣᠤᠷᠠᠭ︶ ᠬᠢᠨᠠᠨ ᠲᠣᠭᠲᠠᠭᠠᠬᠤ ᠵᠥᠪᠯᠡᠯ ᠤᠨ ᠨᠡᠷᠡᠰ ᠢ | ᠤᠩᠰᠢᠨ ᠨᠡᠶᠢᠲᠡᠯᠡᠭᠰᠡᠨ ᠪᠥᠭᠡᠳ ᠨᠣᠮ ᠤᠨ ᠨᠣᠤᠷᠠᠭ ᠢ ᠵᠣᠬᠢᠶᠠᠨ ᠪᠠᠶᠢᠭᠤᠯᠵᠤ ᠨᠠᠶᠢᠷᠠᠭᠤᠯᠬᠤ ᠠᠵᠢᠯ ᠤᠨ | ᠪᠠᠶᠢᠳᠠᠯ ᠤᠨ ᠲᠤᠬᠠᠶ ᠲᠣᠳᠣᠷᠬᠠᠶᠢᠯᠠᠯᠲᠠ ᠬᠢᠪᠠ᠃ ᠬᠤᠷᠠᠯ ᠳᠤ ᠣᠷᠣᠯᠴᠠᠭᠰᠠᠨ ᠬᠢᠨᠠᠨ ᠲᠣᠭᠲᠠᠭᠠᠬᠤ ᠭᠡᠰᠢᠭᠦᠳ | ᠨᠠᠮ ᠤᠨ ᠲᠡᠦᠬᠡ ᠶᠢᠨ ᠶᠡᠭᠡ ᠶᠠᠪᠤᠳᠠᠯ ᠤᠨ ᠲᠡᠮᠳᠡᠭᠯᠡᠯ ᠬᠢᠨᠠᠨ ᠲᠣᠭᠲᠠᠭᠠᠬᠤ ᠡᠬᠡ ᠨᠤᠤᠷᠠᠭ ᠤᠨ ᠲᠣᠭᠤᠷᠢᠨ ᠳᠤ | ᠵᠠᠰᠠᠪᠤᠷᠢ ᠣᠷᠣᠭᠤᠯᠬᠤ ᠰᠠᠨᠠᠯ ᠢᠶᠠᠨ ᠳᠤᠷᠠᠳᠤᠭᠰᠠᠨ ᠪᠥᠭᠡᠳ ᠲᠡᠰ ᠳᠠᠷᠠᠭᠠᠯᠠᠨ ᠬᠢᠨᠠᠨ ᠲᠣᠭᠲᠠᠭᠠᠬᠤ ᠶᠠᠷᠢᠶ᠎ᠠ | ᠲᠠᠯᠪᠢᠪᠠ᠃ ᠳᠠᠷᠠᠭ᠎ᠠ ᠨᠢ᠂ ᠬᠢᠨᠠᠨ ᠲᠣᠭᠲᠠᠭᠠᠬᠤ ᠲᠤᠰᠬᠠᠶ ᠮᠡᠷᠭᠡᠵᠢᠯᠲᠡᠨ ᠨᠣᠮ ᠤᠨ ᠡᠬᠡ ᠪᠢᠴᠢᠭ ᠲᠤ ᠭᠦᠨᠵᠡᠭᠡᠶ | ᠬᠢᠨᠠᠨ ᠲᠣᠭᠲᠠᠭᠠᠯᠲᠠ ᠪᠠ ᠵᠢᠯᠣᠭᠤᠳᠣᠯᠭ᠎ᠠ ᠬᠢᠭᠰᠡᠨ ᠪᠥᠭᠡᠳ ︽ᠬᠢᠨᠠᠨ ᠲᠣᠭᠲᠠᠭᠠᠬᠤ ᠰᠠᠨᠠᠯ︾ ᠢ ᠶᠠᠷᠢᠯᠴᠠᠨ | ᠪᠠᠲᠤᠯᠠᠪᠠ᠃ | ᠬᠤᠷᠠᠯ ᠠᠴᠠ᠂ ᠨᠠᠶᠢᠷᠠᠭᠤᠯᠬᠤ ᠵᠥᠪᠯᠡᠯ ᠤᠨ ᠪᠦᠬᠦ ᠪᠦᠷᠢᠯᠳᠦᠬᠦᠨ ᠠᠷᠠᠳ ᠲᠦᠮᠡᠨ ᠳᠤ ᠬᠠᠷᠢᠭᠤᠴᠠᠬᠤ᠂ | ᠲᠡᠦᠬᠡ ᠳᠤ ᠬᠠᠷᠢᠭᠤᠴᠠᠬᠤ ᠣᠪᠣᠷ ᠢ ᠪᠠᠷᠢᠮᠲᠠᠯᠠᠵᠤ᠂ ᠨᠣᠮ ᠤᠨ ᠨᠤᠤᠷᠠᠭ ᠢ ᠵᠤᠷᠪᠤᠰ ᠳᠠᠷᠠᠭᠠᠯᠠᠨ ᠡᠮᠬᠢᠯᠡᠵᠦ᠂ | ᠭᠦᠨᠵᠡᠭᠡᠢ ᠰᠤᠳᠤᠯᠤᠨ ᠨᠤᠲᠠᠯᠠᠵᠤ᠂ ᠡᠯ᠎ᠡ ᠲᠤᠰᠬᠠᠢ ᠮᠡᠷᠭᠡᠵᠢᠯᠲᠡᠨ ᠤ ᠰᠠᠨᠠᠯ ᠰᠠᠨᠠᠭᠤᠯᠭ᠎ᠠ ᠶᠢ ᠭᠦᠢᠴᠡᠳ ᠰᠢᠩᠭᠡᠭᠡᠨ | ᠠᠪᠴᠤ᠂ ᠡᠷᠬᠡ ᠰᠦᠷᠲᠦ ᠴᠢᠨᠠᠷᠲᠠᠢ᠂ ᠦᠵᠡᠯ ᠰᠠᠨᠠᠭᠠᠴᠢ ᠴᠢᠨᠠᠷᠲᠠᠢ ᠰᠣᠳᠣᠨ ᠪᠦᠲᠦᠭᠡᠯ ᠢ ᠴᠢᠷᠮᠠᠶᠢᠨ ᠡᠭᠦᠳᠬᠦ | ᠬᠡᠷᠡᠭᠲᠡᠢ ᠭᠡᠵᠦ ᠱᠠᠭᠠᠷᠳᠠᠪᠠ᠃ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠬᠢᠨᠠᠨ | ᠬᠠᠷᠭᠤᠭᠤᠯᠬᠤ ᠪᠣᠭᠤᠮᠲᠠ ᠶᠢ ᠴᠢᠩᠭ᠎ᠠ ᠠᠳᠬᠤᠵᠤ᠂ ᠨᠠᠶᠢᠷᠠᠭᠤᠯᠬᠤ ᠪᠠᠷᠢᠮᠵᠢᠶ᠎ᠠ ᠶᠣᠰᠣᠭᠠᠷ ᠲᠡᠭᠦᠯᠳᠡᠷᠵᠢᠭᠦᠯᠦᠨ | ᠰᠢᠯᠢᠳᠡᠭᠵᠢᠭᠦᠯᠵᠦ᠂ ᠪᠥᠬᠦ ᠨᠣᠮ ᠨᠢ ᠠᠪᠠᠭ᠎ᠠ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ | ᠴᠢᠬᠤᠯᠠ ᠥᠩᠭᠡᠷᠡᠯᠲᠡ ᠪᠠ ᠭᠦᠨᠵᠡᠭᠡᠶ ᠬᠤᠪᠢᠰᠤᠯᠲᠠ ᠶᠢ ᠪᠥᠬᠦ ᠲᠠᠯ᠎ᠠ ᠪᠠᠷ᠂ ᠣᠨᠣᠪᠴᠢᠲᠠᠶ ᠲᠤᠰᠬᠠᠬᠤ ᠶᠢ | ᠪᠠᠲᠤᠯᠠᠬᠤ ᠬᠡᠷᠡᠭᠲᠡᠶ᠃ | ᠣᠶᠢᠯᠠᠭᠠᠭᠰᠠᠨ ᠢᠶᠠᠷ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠠᠪᠠᠭ᠎ᠠ ᠬᠤᠰᠢᠭᠤᠨ ᠤ | ᠲᠡᠤᠬᠡ ᠶᠢᠨ ᠲᠣᠮᠣ ᠶᠠᠪᠤᠳᠠᠯ ᠤᠨ ᠲᠡᠮᠳᠡᠭᠯᠡᠯ ︵2001-2020︶︾ ᠶᠢᠨ ᠬᠢᠨᠠᠨ ᠲᠣᠭᠲᠠᠭᠠᠬᠤ ᠬᠤᠷᠠᠯ ᠨᠢ ᠶᠡᠭᠡ | ᠬᠡᠮᠵᠢᠶᠡᠨ ᠤ ᠨᠠᠷᠢᠨ ᠪᠣᠳᠠᠲᠠᠶ ᠲᠡᠦᠬᠡ ᠶᠢᠨ ᠮᠠᠲ᠋ᠧᠷᠢᠶᠠᠯ ᠢ ᠬᠡᠷᠡᠭᠯᠡᠵᠦ᠂ ᠠᠪᠠᠭ᠎ᠠ ᠬᠤᠰᠢᠭᠤᠨ ᠤ ᠨᠠᠮ ᠤᠨ ᠵᠣᠬᠢᠶᠠᠨ | ᠪᠠᠶᠢᠭᠤᠯᠤᠯᠲᠠ ᠶᠢᠨ ᠬᠥᠭᠵᠢᠯᠲᠡ ᠶᠢᠨ ᠬᠠᠨᠳᠤᠰᠢ ᠲᠠᠢ ᠨᠢᠭᠲᠠ ᠤᠶᠠᠯᠳᠤᠭᠤᠯᠤᠨ᠂ ᠶᠡᠭᠡ ᠶᠠᠪᠤᠳᠠᠯ ᠤᠨ ᠴᠠᠭ᠂ | ᠭᠠᠵᠠᠷ᠂ ᠤᠴᠢᠷ ᠰᠢᠯᠲᠠᠭᠠᠨ ᠪᠠ ᠦᠷ᠎ᠡ ᠳ᠋ᠦᠩ ᠢᠶᠠᠷ ᠭᠤᠣᠯ ᠪᠣᠯᠭᠠᠵᠤ᠂ 2001 - 2020 ᠣᠨ ᠤ ᠠᠪᠠᠭ᠎ᠠ | ᠬᠤᠰᠢᠭᠤᠨ ᠤ ᠨᠠᠮ ᠤᠨ ᠤᠳᠤᠷᠢᠳᠤᠯᠭ᠎ᠠ ᠳᠣᠤᠷ᠎ᠠ ᠶᠠᠪᠤᠵᠤ ᠥᠩᠭᠡᠷᠡᠭᠰᠡᠨ ᠴᠢᠬᠤᠯᠠ ᠶᠠᠪᠤᠴᠠ ᠶᠢ ᠪᠤᠰᠤᠳᠴᠢ᠂ | ᠦᠨᠡᠨ ᠪᠣᠳᠠᠲᠠᠶ᠂ ᠣᠨᠣᠪᠴᠢᠲᠠᠶ ᠲᠡᠮᠳᠡᠭᠯᠡᠵᠦ᠂ ᠵᠠᠩᠭᠢᠯᠠᠭ᠎ᠠ ᠶᠢᠨ ᠬᠥᠮᠦᠰ᠂ ᠴᠢᠬᠤᠯᠠ ᠶᠡᠭᠡ ᠶᠠᠪᠤᠳᠠᠯ ᠪᠠ ᠴᠢᠬᠤᠯᠠ | ᠰᠢᠢᠳᠪᠦᠷᠢᠲᠦ ᠪᠣᠳᠣᠯᠭ᠎ᠠ ᠶᠢ ᠬᠠᠮᠤᠷᠪᠠ᠃ ᠲᠤᠰ ᠨᠣᠮ ᠳᠤ᠂ ᠪᠦᠬᠦ ᠬᠤᠰᠢᠭᠤᠨ ᠤ ᠦᠨᠳᠦᠰᠦᠲᠡᠨ ᠨᠦᠭᠦᠳ ᠤᠨ | ᠠᠷᠠᠳ ᠲᠦᠮᠡᠨ ᠤ ᠠᠵᠤ ᠠᠬᠤᠢ ᠶᠢᠨ ᠪᠦᠲᠦᠭᠡᠨ ᠪᠠᠶᠢᠭᠤᠯᠤᠯᠲᠠ᠂ ᠨᠡᠶᠢᠭᠡᠮ ᠤᠨ ᠬᠥᠭᠵᠢᠯᠲᠡ᠂ ᠠᠷᠠᠳ ᠤᠨ | ᠠᠮᠢᠳᠤᠷᠠᠯ ᠤᠨ ᠰᠠᠶᠢᠵᠢᠷᠠᠯᠲᠠ ᠵᠡᠷᠭᠡ ᠲᠠᠯ᠎ᠠ ᠪᠠᠷ ᠣᠯᠤᠭᠰᠠᠨ ᠲᠤᠪᠤᠶᠢᠮ᠎ᠠ ᠠᠮᠵᠢᠯᠲᠠ ᠶᠢ ᠰᠢᠰᠲ᠋ᠧᠮ ᠲᠠᠢ ᠡᠮᠬᠢᠯᠡᠵᠦ᠂ | ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠦᠷ᠎ᠡ ᠪᠦᠲᠦᠭᠡᠯ ᠢ ᠳᠡᠯᠭᠡᠨ ᠦᠵᠡᠭᠦᠯᠬᠦ᠂ | ᠥᠷᠭᠡᠨ ᠤᠯᠠᠨ ᠺᠠᠳ᠋ᠷ ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠵᠣᠷᠢᠭᠵᠢᠭᠤᠯᠬᠤ ᠳᠤ | ᠴᠢᠬᠤᠯᠠ ᠠᠴᠢ ᠬᠤᠯᠪᠣᠭᠳᠠᠯ ᠲᠠᠢ ᠪᠥᠭᠡᠳ ᠤᠮᠠᠷᠠᠲᠤ ᠬᠢᠯᠢ ᠶᠢᠨ ᠰᠣᠶᠣᠯ ᠤᠨ ᠳᠠᠮᠵᠢᠭᠤᠯᠭ᠎ᠠ ᠪᠠ ᠬᠥᠭᠵᠢᠯᠲᠡ ᠶᠢ | ᠤᠯᠠᠮ ᠨᠢᠭᠡ ᠠᠯᠬᠤᠮ ᠠᠬᠢᠭᠤᠯᠬᠤ ᠪᠣᠯᠤᠨ᠎ᠠ᠃ |