ᠬᠠᠪᠤᠷ ᠤᠨ ᠤᠯᠠᠷᠢᠯ ᠤᠨ ᠭᠠᠯ ᠤᠨ ᠭᠠᠮᠰᠢᠭ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠵᠢᠯ ᠢ ᠯᠠᠪᠳᠠᠭᠤᠨ | ᠪᠠᠲᠤᠲᠠᠶ ᠰᠠᠶᠢᠲᠤᠷ ᠬᠢᠵᠦ᠂ ᠡᠯ᠎ᠡ ᠲᠥᠷᠥᠯ ᠤᠨ ᠭᠠᠯ ᠤᠨᠲᠠᠷᠠᠭᠠᠬᠤ ᠠᠮᠤᠷ ᠲᠦᠪᠰᠢᠨ ᠤ ᠠᠶᠤᠯ ᠲᠦᠭᠰᠢᠭᠦᠷᠢ ᠶᠢ | ᠰᠡᠷᠭᠡᠶᠢᠯᠡᠨ ᠠᠷᠢᠯᠭᠠᠬᠤ ᠶᠢᠨ ᠲᠥᠯᠥᠭᠡ᠂ ᠠᠪᠠᠭ᠎ᠠ ᠬᠤᠰᠢᠭᠤᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ | ᠲᠣᠪᠴᠢᠶ᠎ᠠ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ᠂ ᠭᠤᠣᠯᠳᠠᠯᠭ᠎ᠠ ᠶᠢ ᠴᠢᠩᠭ᠎ᠠ ᠠᠩᠬᠠᠷᠴᠤ᠂ | ᠲᠦᠭᠰᠢᠭᠦᠷᠢ ᠶᠢ ᠰᠤᠳᠤᠯᠤᠨ ᠮᠠᠭᠠᠳᠯᠠᠬᠤ ᠪᠠᠨ ᠴᠢᠩᠭᠠᠳᠬᠠᠨ᠂ ᠠᠰᠠᠭᠤᠳᠠᠯ ᠤᠨ ᠵᠠᠩᠭᠢᠯᠠᠭ᠎ᠠ ᠶᠢ ᠣᠨᠣᠪᠴᠢᠲᠠᠶ | ᠡᠷᠢᠵᠦ᠂ ᠬᠠᠪᠤᠷ ᠤᠨ ᠤᠯᠠᠷᠢᠯ ᠤᠨ ᠭᠠᠯ ᠰᠡᠷᠭᠡᠶᠢᠯᠡᠬᠦ ︽ᠠᠮᠤᠷ ᠲᠦᠪᠰᠢᠨ ᠤ ᠲᠣᠤᠷ︾ ᠢ ᠪᠥᠬᠦ | ᠬᠦᠴᠦᠨ ᠢᠶᠠᠷ ᠢᠶᠠᠨ ᠨᠢᠭᠲᠠ ᠰᠦᠯᠵᠢᠪᠡ᠃ | ᠡᠭᠦᠨ ᠤ ᠬᠠᠮᠲᠤ ᠣᠳᠣᠬᠠᠨ ᠤ ᠤᠯᠠᠷᠢᠯ ᠤᠨ ᠣᠨᠴᠠᠯᠢᠭ ᠲᠠᠢ ᠤᠶᠠᠯᠳᠤᠭᠤᠯᠤᠨ᠂ ︽ᠤᠷᠢᠳᠴᠢᠯᠠᠨ | ᠣᠷᠣᠯᠴᠠᠬᠤ᠂ ᠬᠢᠨᠠᠯᠲᠠ ᠲᠠᠯᠪᠢᠬᠤ︾ ᠵᠠᠭᠪᠤᠷ ᠢ ᠠᠪᠴᠤ᠂ ᠬᠥᠮᠦᠨ ᠣᠯᠠᠨ ᠴᠤᠭᠯᠠᠷᠠᠬᠤ ᠲᠠᠯᠠᠪᠤᠷ᠂ ᠣᠨᠴᠠᠭᠠᠶ | ᠭᠡᠨᠡᠳᠲᠡ ᠶᠢᠨ ᠭᠠᠯ ᠤᠨ ᠠᠶᠤᠯ ᠡᠭᠦᠰᠬᠦ ᠲᠠᠯᠠᠪᠤᠷ ᠪᠠ ᠪᠤᠰᠤᠳ ᠲᠠᠯᠠᠪᠤᠷ ᠵᠡᠷᠭᠡ ᠶᠢ ᠴᠢᠩᠭ᠎ᠠ ᠠᠩᠬᠠᠷᠴᠤ᠂ | ᠬᠠᠤᠯᠢ ᠶᠣᠰᠣᠭᠠᠷ ᠬᠢᠨᠠᠨ ᠬᠠᠮᠢᠶᠠᠷᠴᠤ᠂ ᠨᠠᠷᠢᠯᠢᠭ ᠣᠨᠣᠴᠠᠲᠠᠶ ᠪᠠᠷ ᠵᠠᠰᠠᠵᠤ᠂ ᠪᠥᠬᠦ ᠬᠤᠰᠢᠭᠤᠨ ᠤ ᠭᠠᠯ ᠤᠨ | ᠠᠶᠤᠯ ᠢ ᠰᠡᠷᠭᠡᠶᠢᠯᠡᠨ ᠡᠵᠡᠮᠳᠡᠬᠦ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠴᠢᠳᠠᠪᠤᠷᠢ ᠶᠢ ᠦᠨᠡᠨᠬᠦ | ᠳᠡᠭᠡᠭᠰᠢᠯᠡᠭᠦᠯᠦᠨ᠎ᠡ᠃ ᠨᠡᠶᠢᠭᠡᠮ ᠲᠣᠭᠤᠷᠢᠭ ᠤᠨ ᠠᠮᠤᠷ ᠢ ᠬᠠᠮᠠᠭᠠᠯᠠᠬᠤ ᠴᠡᠭ ᠵᠡᠷᠭᠡ ᠦᠨᠳᠦᠰᠦᠨ ᠱᠠᠲᠤᠨ ᠤ | ᠲᠣᠣᠷᠵᠢᠯ ᠤᠨ ᠬᠦᠴᠦᠨ ᠢ ᠦᠷᠭᠦᠯᠵᠢᠯᠡᠨ ᠡᠮᠬᠢᠯᠡᠨ ᠨᠡᠶᠢᠯᠡᠭᠦᠯᠵᠦ᠂ ᠶᠢᠰᠦᠨ ᠪᠠᠭ᠎ᠠ ᠲᠠᠯᠠᠪᠤᠷ ᠵᠡᠷᠭᠡ ︽ᠰᠠᠨᠠᠭᠠᠨ ᠳᠤ | ᠦᠭᠡᠢ ᠠᠳᠡᠯ︾ ᠠᠮᠠᠷᠬᠠᠨ ᠡᠭᠦᠰᠬᠦ ᠨᠢᠭᠡᠴᠡ ᠲᠠᠯᠠᠪᠤᠷ ᠭᠠᠵᠠᠷ ᠢ ᠴᠠᠭ ᠲᠤᠬᠠᠶ ᠳᠤᠨᠢ ᠨᠡᠶᠢᠳᠡᠮ ᠪᠠᠶᠢᠴᠠᠭᠠᠵᠤ᠂ | ᠳᠠᠯᠳᠠ ᠭᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠬᠦ | ᠬᠡᠷᠡᠭᠲᠡᠶ᠃ | ᠬᠠᠷᠢᠶ᠎ᠠ ᠲᠤᠭᠤᠷᠢᠭ ᠤᠨ ᠬᠠᠪᠤᠷ ᠤᠨ ᠤᠯᠠᠷᠢᠯ ᠤᠨ ᠭᠠᠯ ᠤᠨ ᠭᠠᠮᠰᠢᠭ ᠤᠨ ᠣᠨᠴᠠᠯᠢᠭ ᠪᠠ ᠣᠳᠣᠬᠠᠨ ᠤ | ᠭᠠᠯ ᠤᠨ ᠭᠠᠮᠰᠢᠭ ᠤᠨ ᠪᠠᠶᠢᠳᠠᠯ ᠳᠤ ᠴᠢᠭᠯᠡᠭᠦᠯᠦᠨ᠂ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠢ ᠳᠠᠶᠢᠴᠢᠯᠠᠬᠤ | ᠰᠣᠷᠢᠯᠲᠠ ᠶᠢ ᠢᠳᠡᠪᠬᠢᠲᠡᠢ ᠥᠷᠨᠢᠭᠦᠯᠵᠦ᠂ ᠨᠡᠶᠢᠭᠡᠮ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠪᠦᠬᠦᠯᠢ | ᠴᠣᠭᠴᠠ ᠶᠢᠨ ᠬᠠᠮᠳᠤᠷᠠᠯ ᠤᠨ ᠬᠦᠴᠦᠨ ᠢ ᠪᠤᠢ ᠪᠣᠯᠭᠠᠵᠤ᠂ ᠭᠠᠯ ᠤᠨᠲᠠᠷᠠᠭᠠᠵᠤ ᠠᠪᠤᠷᠠᠨ ᠲᠤᠰᠠᠯᠠᠬᠤ ᠪᠠᠴᠢᠮ | ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠲᠣᠭᠲᠠᠭᠠᠨ ᠲᠡᠭᠦᠯᠳᠡᠷᠵᠢᠭᠦᠯᠵᠦ᠂ ᠭᠠᠯ ᠤᠨ ᠭᠠᠮᠰᠢᠭ ᠤᠨ ᠠᠳᠡᠯ | ᠭᠠᠷᠤᠮᠠᠭᠴᠠ ᠴᠠᠭ ᠲᠤᠬᠠᠶ ᠳᠤᠨᠢ ᠪᠦᠲᠦᠮᠵᠢᠲᠡᠶ ᠰᠢᠢᠳᠪᠦᠷᠢᠯᠡᠬᠦ ᠶᠢ ᠦᠨᠡᠨᠬᠦ ᠪᠠᠲᠤᠯᠠᠵᠤ᠂ ᠬᠠᠮᠵᠢᠯᠴᠠᠨ ᠪᠠᠶᠢᠯᠳᠤᠬᠤ | ᠴᠢᠳᠠᠪᠤᠷᠢ ᠪᠠᠨ ᠴᠢᠷᠮᠠᠶᠢᠨ ᠳᠡᠭᠡᠭᠰᠢᠯᠡᠭᠦᠯᠬᠦ ᠬᠡᠷᠡᠭᠲᠡᠶ᠃ ᠡᠯ᠎ᠡ ᠱᠠᠳᠤᠨ ᠤ ᠳᠠᠶᠢᠨ ᠤ ᠪᠡᠯᠡᠳᠬᠡᠯ ᠤᠨ ᠳᠦᠷᠢᠮ ᠢ | ᠴᠢᠩᠭ᠎ᠠ ᠨᠠᠶᠢᠳᠠᠪᠤᠷᠢᠵᠢᠭᠤᠯᠵᠤ᠂ ᠳᠠᠶᠢᠨ ᠤ ᠪᠡᠯᠡᠳᠬᠡᠯ ᠤᠨ ᠤᠬᠠᠮᠰᠠᠷ ᠢ ᠲᠠᠰᠤᠷᠠᠯᠲᠠ ᠦᠭᠡᠢ ᠴᠢᠩᠭᠠᠷᠠᠭᠤᠯᠤᠨ᠂ | 24 ᠴᠠᠭ ᠤᠨ ᠵᠢᠵᠢᠭᠦᠷ ᠢ ᠨᠠᠶᠢᠳᠠᠪᠤᠷᠢᠵᠢᠭᠤᠯᠵᠤ᠂ ᠠᠵᠢᠯᠲᠠᠨ ᠤ ᠠᠵᠢᠯ ᠤᠨ ᠪᠠᠶᠢᠷᠢ ᠳᠠᠭᠠᠨ ᠪᠠᠶᠢᠬᠤ ᠶᠢ ᠪᠠᠲᠤᠯᠠᠨ᠂ | ᠭᠠᠯ ᠤᠨᠲᠠᠷᠠᠭᠠᠵᠤ ᠠᠪᠤᠷᠠᠨ ᠲᠤᠰᠠᠯᠠᠬᠤ ᠡᠯ᠎ᠡ ᠵᠦᠢᠯ ᠤᠨ ᠪᠡᠯᠡᠳᠬᠡᠯ ᠠᠵᠢᠯ ᠢ ᠢᠳᠡᠪᠬᠢᠲᠡᠢ ᠰᠠᠶᠢᠲᠤᠷ ᠬᠢᠵᠦ᠂ | ᠠᠮᠤᠷ ᠲᠦᠪᠰᠢᠨ ᠤ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠶᠢ ᠴᠢᠩᠭᠠᠳᠬᠠᠨ᠂ ᠠᠵᠢᠯᠲᠠᠨ᠂ ᠲᠡᠷᠭᠡ ᠬᠥᠰᠬᠡ᠂ | ᠰᠣᠷᠢᠯᠲᠠ ᠪᠣᠯᠪᠠᠰᠤᠷᠠᠯ᠂ ᠭᠠᠯ ᠤᠨᠲᠠᠷᠠᠭᠠᠵᠤ ᠠᠪᠤᠷᠠᠨ ᠲᠤᠰᠠᠯᠠᠬᠤ ᠵᠡᠷᠭᠡ ᠲᠠᠯ᠎ᠠ ᠶᠢᠨ ᠠᠮᠤᠷ ᠲᠦᠪᠰᠢᠨ ᠤ | ᠰᠡᠷᠭᠡᠶᠢᠯᠡᠯᠲᠡ ᠶᠢᠨ ᠠᠳᠡᠯ ᠤᠨ ᠠᠵᠢᠯ ᠢ ᠦᠨᠡᠨᠬᠦ ᠰᠠᠶᠢᠲᠤᠷ ᠬᠢᠵᠦ᠂ ᠵᠢᠵᠢᠭᠦᠷᠯᠡᠬᠦ ᠳᠠᠶᠢᠨ ᠤ ᠪᠡᠯᠡᠳᠬᠡᠯ ᠤᠨ ᠵᠢᠩᠬᠢᠨᠢ | ᠪᠥᠭᠡᠳ ᠡᠮᠬᠢ ᠵᠢᠷᠤᠮ ᠲᠠᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ᠃ | ᠠᠪᠠᠭ᠎ᠠ ᠬᠤᠰᠢᠭᠤᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠲᠣᠪᠴᠢᠶ᠎ᠠ ᠨᠡᠶᠢᠭᠡᠮ ᠤᠨ | ᠤᠬᠠᠭᠤᠯᠭ᠎ᠠ ᠶᠢᠨ ᠪᠠᠶᠢᠭᠤᠯᠤᠮᠵᠢ ᠪᠠ ᠵᠠᠭᠤᠴᠢᠯᠠᠭᠤᠷ ᠤᠨ ᠦᠢᠯᠡᠳᠦᠯ ᠢ ᠭᠦᠢᠴᠡᠳ ᠪᠠᠳᠠᠷᠠᠭᠤᠯᠤᠨ᠂ ᠬᠠᠪᠤᠷ ᠤᠨ | ᠤᠯᠠᠷᠢᠯ ᠤᠨ ᠭᠠᠯ ᠰᠡᠷᠭᠡᠶᠢᠯᠡᠬᠦ ᠤᠬᠠᠭᠤᠯᠭ᠎ᠠ ᠶᠢᠨ ᠠᠵᠢᠯ ᠢ ᠥᠷᠨᠢᠭᠦᠯᠵᠦ᠂ ᠬᠠᠪᠤᠷ ᠤᠨ ᠤᠯᠠᠷᠢᠯ ᠤᠨ ᠰᠡᠷᠭᠡᠶᠢᠯᠡᠨ | ᠡᠵᠡᠮᠳᠡᠬᠦ ᠭᠤᠤᠯ ᠰᠡᠳᠦᠪ ᠤᠨ ᠲᠣᠭᠤᠷᠢᠨ ᠳᠤ ᠭᠠᠯ ᠰᠡᠷᠭᠡᠶᠢᠯᠡᠬᠦ ᠮᠡᠳᠡᠯᠭᠡ ᠶᠢ ᠤᠬᠠᠭᠤᠯᠤᠨ᠂ ᠭᠠᠯ ᠤᠨ | ᠭᠠᠮᠰᠢᠭ ᠤᠨ ᠨᠡᠶᠢᠲᠡᠯᠢᠭ ᠬᠡᠷᠡᠭ ᠤᠨ ᠵᠢᠱᠢᠶ᠎ᠡ ᠶᠢ ᠵᠠᠳᠠᠯᠵᠤ᠂ ᠲᠦᠷᠢᠮ ᠢ ᠵᠥᠷᠢᠴᠡᠨ ᠭᠠᠯ ᠬᠡᠷᠡᠭᠯᠡᠭᠰᠡᠨ ᠠᠵᠤ | ᠠᠬᠤᠶᠢᠯᠠᠯ ᠪᠠ ᠬᠤᠪᠢ ᠬᠥᠮᠦᠨ ᠢ ᠢᠯᠡᠴᠢᠯᠡᠨ᠂ ᠨᠡᠶᠢᠭᠡᠮ ᠨᠢᠭᠡᠴᠢ ᠪᠠ ᠣᠯᠠᠨ ᠲᠦᠮᠡᠨ ᠢ ᠰᠡᠷᠡᠮᠵᠢᠯᠡᠭᠦᠯᠪᠡ᠃ | ᠬᠠᠷᠢᠶᠠᠲᠤ ᠲᠤᠭᠤᠷᠢᠭ ᠳᠤ ᠭᠠᠯ ᠤᠨᠲᠠᠷᠠᠭᠠᠬᠤ ᠤᠬᠠᠭᠤᠯᠭ᠎ᠠ ᠶᠢᠨ ᠵᠠᠷᠯᠠᠯ ᠪᠠ ᠤᠷᠢᠶ᠎ᠠ ᠯᠣᠽᠦ᠋ᠩ ᠥᠷᠭᠡᠨ ᠢᠶᠠᠷ | ᠨᠠᠭᠠᠵᠤ᠂ ᠤᠬᠠᠭᠤᠯᠬᠤ ᠡᠷᠴᠢᠮ ᠢᠶᠠᠨ ᠴᠢᠩᠭᠠᠷᠠᠭᠤᠯᠤᠨ᠂ ᠨᠡᠶᠢᠭᠡᠮ ᠨᠡᠶᠢᠲᠡ ᠳᠤ ᠭᠠᠯ ᠤᠨᠲᠠᠷᠠᠭᠠᠬᠤ ᠬᠠᠤᠯᠢ | ᠲᠣᠭᠲᠠᠭᠠᠯ᠂ ᠭᠠᠯ ᠰᠡᠷᠭᠡᠶᠢᠯᠡᠬᠦ ᠭᠠᠯ ᠤᠨᠲᠠᠷᠠᠭᠠᠬᠤ ᠵᠢᠴᠢ ᠠᠮᠢ ᠵᠢᠭᠤᠲᠠᠵᠤ ᠥᠪᠡᠷ ᠢ ᠪᠠᠨ ᠠᠪᠤᠷᠠᠬᠤ ᠶᠡᠷᠦ ᠶᠢᠨ | ᠮᠡᠳᠡᠯᠭᠡ ᠶᠢ ᠥᠷᠭᠡᠨ ᠢᠶᠠᠷ ᠤᠬᠠᠭᠤᠯᠵᠤ᠂ ᠪᠦᠬᠦ ᠠᠷᠠᠳ ᠤᠨ ᠭᠠᠯ ᠤᠨᠲᠠᠷᠠᠭᠠᠬᠤ ᠠᠮᠤᠷ ᠲᠦᠪᠰᠢᠨ ᠤ ᠦᠵᠡᠯ | ᠤᠬᠠᠮᠰᠠᠷ ᠢ ᠳᠡᠭᠡᠭᠰᠢᠯᠡᠭᠦᠯᠬᠦ ᠬᠡᠷᠡᠭᠲᠡᠶ᠃ |