ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠭᠤᠴᠢᠨ ᠨᠢᠭᠡᠳᠦᠭᠡᠷ ᠤᠳᠠᠭᠠᠨ ᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/3/17
      3 ᠰᠠᠷ᠎ᠠ ᠶᠢᠨ 7 ᠤ ᠡᠳᠦᠷ᠂ ᠠᠪᠠᠭ᠎ᠠ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠭᠤᠴᠢᠨ ᠨᠢᠭᠡᠳᠦᠭᠡᠷ ᠤᠳᠠᠭᠠᠨ ᠤ ᠬᠤᠷᠠᠯ ᠬᠤᠷᠠᠯᠳᠤᠭᠤᠯᠵᠤ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠬᠠᠰᠪᠠᠭᠠᠲᠤᠷ ᠬᠤᠷᠠᠯ ᠢ ᠡᠷᠭᠢᠯᠡᠵᠦ᠂ ᠬᠤᠷᠠᠯ ᠳᠤ ᠣᠷᠣᠯᠴᠠᠬᠤ ᠶᠣᠰᠣᠲᠠᠶ 29 ᠬᠥᠮᠦᠨ᠂ ᠪᠤᠳᠠᠳᠠᠢ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ ᠳᠡᠳ᠋ ᠡᠷᠬᠢᠯᠡᠭᠴᠢ ᠪᠤᠷᠤᠬᠦᠦ᠂ ᠳᠡᠳ᠋ ᠡᠷᠬᠢᠯᠡᠭᠴᠢ ᠡᠷᠬᠢᠮᠲᠦ᠂ ᠾᠧ ᠴᠧᠩ ᠬᠤᠸᠠ ᠵᠡᠷᠭᠡ 25 ᠬᠥᠮᠦᠨ ᠬᠤᠷᠠᠯ ᠳᠤ ᠣᠷᠣᠯᠴᠠᠵᠤ᠂ ᠬᠠᠤᠯᠢ ᠳᠤ ᠲᠣᠭᠲᠠᠭᠠᠭᠰᠠᠨ ᠬᠥᠮᠦᠨ ᠤ ᠲᠤᠭ᠎ᠠ ᠳᠤ ᠨᠡᠶᠢᠴᠡᠪᠡ᠃ ᠬᠤᠰᠢᠭᠤ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ ᠶᠢᠨ ᠨᠡᠷ᠎ᠡ ᠳᠤᠷᠠᠳᠤᠭᠳᠠᠭᠴᠢ ᠰᠢᠶᠧ ᠰᠢᠶᠤᠤ ᠳ᠋ᠦᠩ ᠵᠢᠴᠢ ᠬᠡᠰᠡᠭ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠬᠤᠷᠠᠯ ᠳᠤ ᠰᠤᠯᠠ ᠣᠷᠣᠯᠴᠠᠪᠠ᠃      ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠬᠢᠷᠢᠨ ᠮᠤᠵᠢ ᠶᠢᠨ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠠ ᠶᠡᠷᠦᠩᠬᠡᠢ ᠱᠦᠵᠢ ᠰᠢ ᠶᠢᠨ ᠫᠢᠩ ᠤᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠣᠯᠠᠮᠵᠢᠯᠠᠨ ᠰᠤᠷᠤᠯᠴᠠᠪᠠ᠃      ᠬᠤᠷᠠᠯ ᠠᠴᠠ ᠬᠤᠰᠢᠭᠤ ᠠᠷᠠᠳ ᠤᠨ ᠵᠠᠰᠠᠭ ᠤᠨ ᠣᠷᠳᠣᠨ ᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠪᠠᠶᠢᠳᠠᠯ ᠤᠨ ᠲᠤᠬᠠᠶ ᠮᠡᠳᠡᠭᠦᠯᠦᠯᠲᠡ ᠶᠢ ᠰᠣᠨᠣᠰᠴᠤ ᠬᠢᠨᠠᠨ ᠵᠦᠪᠯᠡᠪᠡ︔ 2024 ᠣᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠳᠡᠩᠰᠡᠯᠡᠵᠦ ᠬᠢᠨᠠᠨ ᠪᠠᠶᠢᠴᠠᠭᠠᠬᠤ ᠠᠵᠢᠯ ᠤᠨ ᠲᠤᠰᠬᠠᠶ ᠰᠡᠳᠦᠪᠲᠦ ᠮᠡᠳᠡᠭᠦᠯᠦᠯᠲᠡ ᠪᠠ ︽ᠠᠪᠠᠭ᠎ᠠ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ 2025 ᠣᠨ ᠤ ᠠᠵᠢᠯ ᠤᠨ ᠭᠤᠤᠯᠳᠠᠯᠭ᠎ᠠ︾ ᠶᠢ ᠬᠢᠨᠠᠨ ᠵᠦᠪᠯᠡᠪᠡ᠃      ᠬᠤᠷᠠᠯ ᠠᠴᠠ ᠺᠠᠳ᠋ᠷ ᠲᠤᠰᠢᠶᠠᠯ ᠳᠤ ᠲᠣᠮᠢᠯᠠᠵᠤ ᠲᠤᠰᠢᠶᠠᠯ ᠠᠴᠠ ᠪᠠᠭᠤᠯᠭᠠᠬᠤ ᠵᠦᠢᠯᠡᠰ ᠢ ᠬᠢᠨᠠᠨ ᠪᠠᠲᠤᠯᠠᠪᠠ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号