ᠨᠠᠰᠤᠨᠪᠠᠲᠤ ᠪᠦᠯᠬᠦᠮ ᠳᠠᠭᠠᠭᠤᠯᠤᠨ ᠪᠡᠭᠡᠵᠢᠩ᠂ ᠱᠠᠨᠳᠦ᠋ᠩ᠂ ᠱᠠᠨᠰᠢ᠂ ᠣᠷᠳᠣᠰ ᠲᠤ ᠬᠦᠷᠴᠦ  ᠲᠤᠭᠤᠷᠢᠨ ᠰᠤᠷᠤᠯᠴᠠᠵᠤ ᠬᠠᠷᠢᠯᠴᠠᠨ ᠬᠠᠮᠳᠤᠷᠠᠯᠴᠠᠬᠤ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2025/3/17
     3 ᠰᠠᠷ᠎ᠠ ᠶᠢᠨ 3 ᠤ ᠡᠳᠦᠷ ᠠᠴᠠ 8 ᠤ ᠡᠳᠦᠷ ᠪᠣᠯᠲᠠᠯ᠎ᠠ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠨᠠᠰᠤᠨᠪᠠᠲᠤ ᠪᠦᠯᠬᠦᠮ ᠳᠠᠭᠠᠭᠤᠯᠤᠨ ᠪᠡᠭᠡᠵᠢᠩ ᠤᠨ ᠬᠤᠸᠠ ᠰᠢᠶᠠ ᠵᠢᠶᠠᠨ ᠯᠦᠩ ᠪᠦᠯᠦᠭᠯᠡᠯ᠂ ᠵᠢᠩ ᠨᠧᠩ ᠪᠦᠯᠦᠭᠯᠡᠯ᠂ ᠱᠠᠨᠳᠦ᠋ᠩ ᠤᠨ ᠤᠣ ᠶᠠᠩ ᠪᠦᠯᠦᠭᠯᠡᠯ᠂ ᠱᠠᠨᠰᠢ ᠶᠢᠨ ᠡᠤ ᠭᠦᠩ ᠰᠢᠶᠠᠨ᠂ ᠰᠢ ᠠᠨ ᠤ ᠲᠠᠶᠢᠶᠤᠸᠠᠨ ᠡᠨᠧᠷᠭᠢ ᠬᠠᠳᠠᠭᠠᠯᠠᠬᠤ ᠺᠣᠮᠫᠠᠨᠢ ᠪᠣᠯᠤᠨ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠵᠡᠷᠭᠡ ᠭᠠᠵᠠᠷ ᠲᠤ ᠬᠦᠷᠴᠦ ᠰᠢᠨᠵᠢᠯᠡᠨ ᠲᠤᠭᠤᠷᠢᠨ ᠰᠤᠷᠤᠯᠴᠠᠵᠤ᠂ ᠬᠠᠮᠳᠤᠷᠠᠯᠴᠠᠭ᠎ᠠ ᠦᠷᠨᠢᠭᠦᠯᠪᠡ᠃      ᠵᠢᠩ ᠨᠧᠩ ᠪᠣᠯᠤᠨ ᠬᠤᠸᠠ ᠰᠢᠶᠠ ᠵᠢᠶᠠᠨ ᠯᠦᠩ ᠪᠦᠯᠦᠭᠯᠡᠯ ᠳᠤ᠂ ᠨᠠᠰᠤᠨᠪᠠᠲᠤ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠲᠤᠰ ᠲᠤᠰ ᠪᠠᠶᠢᠭᠤᠯᠵᠤ ᠪᠠᠶᠢᠭ᠎ᠠ ᠲᠦᠷᠦᠯ ᠵᠦᠢᠯ ᠢ ᠠᠰᠢᠭᠯᠠᠯᠲᠠ ᠳᠤ ᠣᠷᠣᠭᠤᠯᠤᠨ ᠦᠷ᠎ᠡ ᠪᠦᠲᠦᠮᠵᠢ ᠤᠯᠬᠤ᠂ ︽ᠰᠠᠨᠠᠮᠵᠢ ᠵᠥᠪᠯᠡᠯᠴᠡᠭᠡᠷ︾ ᠢ ᠨᠠᠶᠢᠳᠠᠪᠤᠷᠢᠵᠢᠭᠤᠯᠬᠤ ᠪᠠ ᠠᠵᠤ ᠦᠢᠯᠡᠰ ᠤᠨ ᠬᠡᠯᠬᠢᠶᠡᠵᠢᠯ ᠢ ᠪᠠᠶᠢᠷᠢᠯᠠᠭᠤᠯᠬᠤ ᠵᠡᠷᠭᠡ ᠲᠠᠯ᠎ᠠ ᠪᠠᠷ ᠰᠠᠨᠠᠯ ᠢᠶᠠᠨ ᠭᠦᠨᠵᠡᠭᠡᠢ ᠰᠣᠯᠢᠯᠴᠠᠪᠠ᠃ ᠨᠠᠰᠤᠨᠪᠠᠲᠤ ᠢᠯᠡᠷᠬᠡᠶᠢᠯᠡᠬᠦ ᠳᠡᠭᠡᠨ᠂ ᠬᠤᠶᠠᠷ ᠠᠵᠤ ᠠᠬᠤᠶᠢᠯᠠᠯ ᠨᠢ ᠠᠵᠢᠯ ᠲᠦᠷᠦᠯ ᠤᠨ ᠬᠡᠪ ᠳᠠᠭᠤᠷᠢᠶᠠᠯ ᠪᠣᠯᠬᠤ ᠠᠵᠤ ᠠᠬᠤᠶᠢᠯᠠᠯ ᠪᠣᠯᠤᠭᠰᠠᠨ ᠤ ᠬᠤᠪᠢ ᠳᠤ᠂ ᠳᠠᠭᠠᠭᠤᠯᠬᠤ ᠦᠢᠯᠡᠳᠦᠯ ᠢᠶᠠᠨ ᠦᠷᠭᠦᠯᠵᠢᠯᠡᠨ ᠪᠠᠳᠠᠷᠠᠭᠤᠯᠵᠤ᠂ ᠭᠡᠷ᠎ᠡ ᠲᠣᠭᠲᠠᠭᠰᠠᠨ ᠲᠥᠷᠥᠯ ᠵᠦᠢᠯ ᠢ ᠡᠷᠲᠡᠬᠡᠨ ᠨᠠᠶᠢᠳᠠᠪᠤᠷᠢᠵᠢᠭᠤᠯᠤᠨ ᠠᠵᠢᠯ ᠡᠬᠢᠯᠡᠭᠦᠯᠬᠦ ᠶᠢ ᠠᠬᠢᠭᠤᠯᠵᠤ᠂ ᠨᠢᠭᠡ ᠪᠦᠯᠦᠭ ᠰᠢᠨ᠎ᠡ ᠲᠣᠮᠣ ᠲᠥᠷᠥᠯ ᠵᠦᠢᠯ᠂ ᠰᠠᠶᠢᠨ ᠲᠥᠷᠥᠯ ᠵᠦᠢᠯ ᠢ ᠲᠥᠯᠥᠪᠵᠢᠭᠦᠯᠦᠨ ᠪᠠᠶᠢᠷᠢᠰᠢᠭᠤᠯᠵᠤ᠂ ᠨᠠᠩ ᠥᠨᠳᠥᠷ ᠲᠦᠪᠰᠢᠨ ᠪᠥᠬᠦᠶ ᠬᠠᠷᠢᠯᠴᠠᠨ ᠠᠰᠢᠭᠲᠠᠶ ᠬᠠᠮᠲᠤ ᠪᠠᠷ ᠠᠰᠢᠭ ᠭᠥᠷᠳᠡᠬᠦ ᠶᠢ ᠭᠠᠷ ᠬᠤᠯᠪᠣᠨ ᠪᠡᠶᠡᠯᠡᠭᠦᠯᠬᠦ ᠶᠢ ᠰᠠᠨᠠᠭᠠᠴᠢᠯᠠᠪᠠ᠃      ᠨᠠᠰᠤᠨᠪᠠᠲᠤ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠤᠨ ᠨᠡᠭᠡᠭᠡᠯᠲᠡ᠂ ᠦᠢᠯᠡᠳᠬᠦᠨ ᠤ ᠳᠡᠰ ᠳᠡᠪᠰᠢᠬᠦ᠂ ᠬᠡᠷᠡᠭᠯᠡᠭᠡᠨ ᠤ ᠪᠠᠶᠢᠳᠠᠯ ᠢ ᠥᠷᠭᠡᠳᠬᠡᠭᠰᠡᠨ ᠵᠡᠷᠭᠡ ᠪᠠᠶᠢᠳᠠᠯ ᠢ ᠰᠢᠰᠲ᠋ᠧᠮ ᠲᠠᠢ ᠣᠶᠢᠯᠠᠭᠠᠬᠤ ᠶᠢᠨ ᠬᠠᠮᠲᠤ ᠠᠵᠤ ᠠᠬᠤᠶᠢᠯᠠᠯ ᠳᠤ ᠠᠪᠠᠭ᠎ᠠ ᠬᠤᠰᠢᠭᠤᠨ ᠤ ᠠᠵᠤ ᠦᠢᠯᠡᠰ ᠤᠨ ᠬᠥᠭᠵᠢᠯᠲᠡ᠂ ᠡᠵᠡᠩᠨᠡᠯᠲᠡ ᠶᠢᠨ ᠣᠷᠴᠢᠨ ᠲᠣᠭᠤᠷᠢᠨ ᠵᠡᠷᠭᠡ ᠳᠠᠪᠠᠭᠤᠯᠢᠭ ᠢᠶᠠᠨ ᠨᠠᠷᠢᠨ ᠲᠠᠨᠢᠯᠴᠠᠭᠤᠯᠪᠠ᠃ ᠲᠡᠷᠡ᠂ ᠠᠪᠠᠭ᠎ᠠ ᠬᠤᠰᠢᠭᠤ ᠶᠠᠭ ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠠᠵᠠ ᠲᠣᠬᠢᠶᠠᠯ ᠢ ᠠᠮᠵᠢᠵᠤ᠂ ᠰᠢᠨ᠎ᠡ ᠡᠨᠧᠷᠭᠢ ᠶᠢᠨ ᠳᠠᠪᠠᠭᠤᠯᠢᠭ ᠣᠨᠴᠠᠯᠢᠭᠲᠤ ᠠᠵᠤ ᠦᠢᠯᠡᠰ ᠤᠨ ᠰᠦᠷᠦᠭᠵᠢᠯ ᠢ ᠲᠦᠷᠭᠡᠳᠬᠡᠨ ᠪᠠᠶᠢᠭᠤᠯᠵᠤ᠂ ᠠᠵᠤ ᠠᠬᠤᠶᠢᠯᠠᠯ ᠲᠠᠢ ᠰᠢᠨ᠎ᠡ ᠡᠨᠧᠷᠭᠢ ᠶᠢᠨ ᠪᠦᠬᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ᠂ ᠲᠣᠨᠣᠭᠯᠠᠯ ᠦᠢᠯᠡᠳᠬᠦ ᠵᠡᠷᠭᠡ ᠲᠠᠯ᠎ᠠ ᠪᠠᠷ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠥᠷᠨᠢᠭᠦᠯᠬᠦ ᠶᠢ ᠬᠦᠰᠡᠵᠦ ᠪᠠᠶᠢᠬᠤ ᠪᠠᠨ ᠲᠤᠳᠤᠷᠬᠠᠶᠢᠯᠠᠪᠠ᠃      ᠡᠦ ᠭᠦᠩ ᠰᠢᠶᠠᠨ ᠳᠤ᠂ ᠨᠠᠰᠤᠨᠪᠠᠲᠤ ᠡᠯᠧᠺᠲᠷᠦᠨ ᠬᠤᠳᠠᠯᠳᠤᠭᠠᠨ ᠤ ᠰᠠᠭᠤᠷᠢᠨ ᠭᠠᠵᠠᠷ᠂ ᠱᠠᠨᠰᠢ ᠶᠢᠨ ᠮᠧᠢ ᠨᠦᠩ ᠵᠡᠷᠭᠡ ᠭᠠᠵᠠᠷ ᠢᠶᠠᠷ ᠰᠢᠨᠵᠢᠯᠡᠨ ᠪᠠᠶᠢᠴᠠᠭᠠᠭᠰᠠᠨ ᠪᠥᠭᠡᠳ ᠰᠢᠶᠠᠨ ᠤ ᠵᠠᠰᠠᠭ ᠤᠨ ᠣᠷᠳᠣᠨ ᠤ ᠤᠳᠤᠷᠢᠳᠤᠯᠭ᠎ᠠ ᠲᠠᠢ ᠣᠷᠣᠨ ᠪᠦᠰᠡ ᠶᠢᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠬᠦ ᠲᠤᠬᠠᠢ ᠰᠠᠨᠠᠯ ᠢᠶᠠᠨ ᠭᠦᠨᠵᠡᠭᠡᠢ ᠰᠣᠯᠢᠯᠴᠠᠪᠠ᠃ ᠲᠡᠷᠡ᠂ ᠣᠳᠣᠬᠠᠨ ᠳᠤ ᠠᠪᠠᠭ᠎ᠠ ᠬᠤᠰᠢᠭᠤ ᠶᠠᠭ ︽ᠵᠢᠷᠭᠤᠭᠠᠨ ᠠᠵᠢᠯᠯᠠᠭ᠎ᠠ︾ ᠶᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠰᠢᠨ᠎ᠡ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠰᠢᠨ᠎ᠡ ᠬᠥᠳᠡᠯᠭᠡᠬᠦ ᠬᠦᠴᠦᠨ ᠢ ᠪᠤᠶᠢᠵᠢᠭᠤᠯᠵᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠪᠠᠶᠢᠨ᠎ᠠ᠃ ᠬᠤᠶᠠᠷ ᠲᠠᠯ᠎ᠠ ᠪᠠᠷ ᠢᠶᠠᠨ ᠠᠵᠤ ᠦᠢᠯᠡᠰ ᠤᠨ ᠬᠠᠮᠵᠢᠯᠴᠠᠭ᠎ᠠ᠂ ᠰᠢᠨ᠎ᠡ ᠶᠢ ᠡᠭᠦᠳᠦᠨ ᠬᠠᠮᠵᠢᠯᠴᠠᠬᠤ᠂ ᠠᠷᠠᠯᠵᠢᠶ᠎ᠠ ᠬᠤᠳᠠᠯᠳᠤᠭ᠎ᠠ ᠬᠠᠷᠢᠯᠴᠠᠨ ᠨᠡᠪᠲᠡᠷᠡᠯᠴᠡᠬᠦ᠂ ᠠᠷᠠᠳ ᠤᠨ ᠠᠮᠢᠳᠤᠷᠠᠯ ᠬᠠᠷᠢᠯᠴᠠᠨ ᠦᠢᠯᠡᠳᠦᠯᠴᠡᠬᠦ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠬᠦ᠂ ᠬᠠᠮᠲᠤ ᠪᠠᠷ ᠠᠰᠢᠭ ᠭᠥᠷᠳᠡᠬᠦ ᠬᠥᠭᠵᠢᠯᠲᠡ ᠶᠢ ᠪᠡᠶᠡᠯᠡᠭᠦᠯᠬᠦ ᠶᠢ ᠬᠦᠰᠡᠵᠦ ᠪᠠᠶᠢᠨ᠎ᠠ ᠭᠡᠪᠡ᠃      ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠲᠤ ᠨᠠᠰᠤᠨᠪᠠᠲᠤ ᠲᠤᠬᠠᠶ ᠶᠢᠨ ᠭᠠᠵᠠᠷ ᠲᠤᠨᠢ ᠶᠢᠨ ᠯᠦᠩ ᠬᠦᠨᠳᠦ ᠬᠡᠯᠪᠡᠷᠢ ᠶᠢᠨ ᠮᠠᠰᠢᠨ ᠲᠡᠷᠭᠡᠨ ᠤ ᠺᠣᠮᠫᠠᠨᠢ ᠶᠢ ᠰᠢᠨᠵᠢᠯᠡᠨ ᠪᠠᠶᠢᠴᠠᠭᠠᠵᠤ᠂ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠵᠢᠴᠢ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠨᠠᠰᠤᠨᠪᠠᠲᠤ ᠢᠯᠡᠷᠬᠡᠶᠢᠯᠡᠬᠦ ᠳᠡᠭᠡᠨ᠂ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠳᠠᠪᠠᠭᠤᠯᠢᠭ᠂ ᠠᠵᠤ ᠦᠢᠯᠡᠰ ᠤᠨ ᠰᠠᠭᠤᠷᠢ ᠪᠠᠲᠤᠲᠠᠢ᠂ ᠶᠢᠨ ᠯᠦᠩ ᠬᠦᠨᠳᠦ ᠬᠡᠯᠪᠡᠷᠢ ᠶᠢᠨ ᠮᠠᠰᠢᠨ ᠲᠡᠷᠭᠡᠨ ᠤ ᠮᠡᠷᠭᠡᠵᠢᠯ ᠲᠡᠷᠢᠭᠦᠯᠡᠵᠦ᠂ ᠪᠣᠳᠠᠲᠤ ᠬᠦᠴᠦᠨ ᠢᠶᠠᠷ ᠴᠢᠩᠭ᠎ᠠ᠂ ᠠᠪᠠᠭ᠎ᠠ ᠬᠤᠰᠢᠭᠤᠨ ᠤ ᠥᠩᠭᠡ ᠦᠵᠡᠮᠵᠢ ᠶᠢᠨ ᠡᠬᠢ ᠪᠠᠶᠠᠯᠢᠭ ᠡᠯᠪᠡᠭ ᠳᠡᠯᠪᠡᠭ᠂ ᠬᠡᠷᠡᠭᠯᠡᠭᠡᠨ ᠤ ᠠᠬᠤᠢ ᠪᠠᠶᠢᠳᠠᠯ ᠣᠯᠠᠨ ᠡᠰᠢᠵᠢᠵᠦ᠂ ᠰᠢᠨ᠎ᠡ ᠡᠨᠧᠷᠭᠢ ᠶᠢᠨ ᠳ᠋ᠢᠶᠠᠨ ᡂᠢ ᠦᠢᠯᠡᠳᠪᠦᠷᠢᠯᠡᠵᠦ ᠦᠢᠯᠡᠳᠬᠦ ᠳᠠᠪᠠᠭᠤᠯᠢᠭ ᠢᠯᠡᠷᠬᠡᠶ ᠪᠠᠶᠢᠨ᠎ᠠ ᠭᠡᠵᠡᠶ᠃ ᠬᠤᠶᠠᠷ ᠲᠠᠯ᠎ᠠ ᠪᠠᠷ ᠢᠶᠠᠨ ᠬᠠᠮᠲᠤᠷᠠᠯᠴᠠᠭᠠᠨ ᠤ ᠲᠦᠷᠦᠯ ᠵᠦᠢᠯ ᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠲᠦᠷᠭᠡᠨ ᠠᠬᠢᠭᠤᠯᠬᠤ ᠶᠢᠨ ᠬᠠᠮᠲᠤ ᠬᠤᠶᠠᠷ ᠭᠠᠵᠠᠷ ᠤᠨ ᠠᠵᠤ ᠦᠢᠯᠡᠰ ᠤᠨ ᠪᠠᠶᠢᠷᠢᠰᠢᠭᠤᠯᠤᠯᠲᠠ ᠪᠣᠯᠤᠨ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠨᠡᠩ ᠭᠦᠨ ᠳᠠᠪᠬᠤᠷᠭ᠎ᠠ ᠶᠢᠨ ᠬᠠᠮᠲᠤᠷᠠᠯᠴᠠᠭ᠎ᠠ ᠶᠢ ᠰᠦᠪᠡᠭᠴᠢᠯᠡᠬᠦ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃      ᠡᠨᠡ ᠬᠤᠭᠤᠴᠠᠭᠠᠨ ᠳᠤ᠂ ᠠᠪᠠᠭ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠲᠣᠰ ᠲᠣᠰ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠣᠷᠣᠨ ᠤ ᠠᠵᠤ ᠠᠬᠤᠶᠢᠯᠠᠯ ᠤᠨ ᠦᠢᠯᠡᠴᠢᠯᠡᠭᠡᠨ ᠤ ᠲᠥᠪ ᠪᠣᠯᠤᠨ ᠶᠢᠨ ᠯᠦᠩ ᠬᠦᠨᠳᠦ ᠮᠠᠰᠢᠨ ᠲᠡᠷᠭᠡ ᠲᠠᠢ ︽ᠣᠷᠣᠨ ᠪᠦᠰᠡ ᠶᠢᠨ ᠬᠠᠮᠲᠤᠷᠠᠯᠴᠠᠭᠠᠨ ᠤ ᠪᠠᠶᠢᠯᠳᠤᠬᠤ ᠪᠣᠳᠣᠯᠭ᠎ᠠ ᠶᠢᠨ ᠪᠦᠳᠦᠭᠦᠪᠴᠢ ᠵᠥᠪᠯᠡᠯᠴᠡᠭᠡᠷ︾ ︽ᠪᠣᠬᠢᠷᠲᠤᠯ ᠥᠬᠡᠶ ᠡᠨᠧᠷᠭᠢ ᠶᠢᠨ ᠠᠵᠤ ᠦᠢᠯᠡᠰ ᠤᠨ ᠬᠡᠷᠡᠭᠯᠡᠭᠡᠨ ᠤ ᠲᠠᠯᠠᠪᠤᠷ ᠣᠷᠣᠨ ᠪᠦᠰᠡ ᠶᠢᠨ ᠬᠠᠮᠲᠤᠷᠠᠯᠴᠠᠭᠠᠨ ᠤ ᠬᠤᠯᠪᠣᠭ᠎ᠠ ᠶᠢᠨ ᠪᠦᠳᠦᠭᠦᠪᠴᠢ ᠵᠥᠪᠯᠡᠯᠴᠡᠭᠡᠷ︾ ᠲᠣᠭᠲᠠᠪᠠ᠃ ᠳᠡᠭᠡᠷᠡᠬᠢ ᠬᠡᠯᠡᠯᠴᠡᠭᠡᠷ ᠲᠤ ᠭᠠᠷ ᠤᠨ ᠦᠰᠦᠭ ᠵᠢᠷᠤᠭᠰᠠᠨ ᠨᠢ ᠠᠪᠠᠭ᠎ᠠ ᠬᠤᠰᠢᠭᠤᠨ ᠤ ᠬᠠᠮᠢᠶ᠎ᠠ ᠪᠥᠬᠦᠶ ᠠᠵᠤ ᠦᠢᠯᠡᠰ ᠤᠨ ᠬᠡᠯᠬᠢᠶᠡᠵᠢᠯ ᠤᠨ ᠬᠤᠭᠤᠰᠣᠨ ᠢ ᠲᠦᠷᠭᠡᠨ ᠨᠥᠬᠦᠪᠥᠷᠢᠯᠡᠵᠦ᠂ ︽ᠵᠢᠷᠭᠤᠭᠠᠨ ᠠᠵᠢᠯᠯᠠᠭ᠎ᠠ︾ ᠶᠢ ᠨᠠᠶᠢᠳᠠᠪᠤᠷᠢᠵᠢᠭᠤᠯᠬᠤ ᠶᠢ ᠠᠬᠢᠭᠤᠯᠬᠤ ᠪᠠ ᠣᠷᠣᠨ ᠨᠤᠲᠤᠭ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢ ᠪᠦᠲᠦᠮᠵᠢᠲᠡᠶ ᠳᠡᠭᠡᠭᠰᠢᠯᠡᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃      ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠮᠤᠤ ᠽᠢ ᠨᠠᠨ᠂ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ ᠳ᠋ᠧᠦ ᠶᠠᠨ ᠶᠣᠣ ᠵᠢᠴᠢ ᠬᠤᠰᠢᠭᠤ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ᠂ ᠰᠤᠮᠤ ᠪᠠᠯᠭᠠᠰᠤᠨ ᠤ ᠬᠠᠷᠢᠭᠤᠴᠠᠯᠭᠠᠲᠠᠨ ᠤᠷᠤᠯᠴᠠᠪᠠ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号