ᠠᠪᠠᠭ᠎ᠠ ᠬᠤᠰᠢᠭᠤᠨ ᠤ ᠬᠤᠳᠠ ᠬᠦᠳᠡᠭᠡ ᠶᠢᠨ ᠤᠷᠴᠢᠨ ᠲᠤᠭᠤᠷᠢᠨ ᠢ ᠵᠠᠰᠠᠨ ᠴᠡᠭᠴᠡᠯᠡᠬᠦ ᠰᠠᠨᠠᠭᠠᠴᠢᠯᠠᠭ᠎ᠠ ᠶᠢᠨ ᠪᠢᠴᠢᠭ
ᠨᠡᠶᠢᠲᠡᠯᠡᠭᠰᠡᠨ ᠴᠠᠭ᠄
2025/3/17
     ᠬᠠᠪᠤᠷ ᠰᠠᠭᠠᠳᠠᠵᠤ᠂ ᠤᠷᠢᠨ ᠳᠤᠯᠠᠭᠠᠨ ᠪᠣᠯᠵᠤ ᠲᠦᠮᠡᠨ ᠪᠤᠳᠠᠰ ᠰᠡᠷᠭᠦᠯ᠎ᠡ᠃ ᠴᠡᠪᠡᠷ ᠴᠡᠮᠴᠡᠭᠡᠷ ᠬᠤᠲᠠ ᠬᠥᠳᠡᠭᠡ ᠶᠢᠨ ᠣᠷᠣᠰᠢᠨ ᠰᠠᠭᠤᠬᠤ ᠣᠷᠴᠢᠨ ᠢ ᠪᠣᠶ ᠪᠣᠯᠭᠠᠵᠤ᠂ ᠪᠣᠯᠪᠠᠰᠤᠨ᠂ ᠡᠶ᠎ᠡ ᠵᠣᠬᠢᠴᠠᠯ ᠲᠠᠢ ᠨᠡᠶᠢᠭᠡᠮ ᠤᠨ ᠬᠥᠭᠵᠢᠯᠲᠡ ᠶᠢᠨ ᠣᠷᠴᠢᠨ ᠢ ᠪᠣᠶ ᠪᠣᠯᠭᠠᠬᠤ ᠶᠢᠨ ᠳᠤᠰᠠᠳᠠ᠂ ᠪᠢᠳᠡ ᠪᠥᠬᠦ ᠬᠤᠰᠢᠭᠤᠨ ᠤ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠳᠤ ᠳᠣᠤᠷᠠᠬᠢ ᠮᠡᠲᠦ ᠰᠠᠨᠠᠭᠠᠴᠢᠯᠠᠶ᠎ᠠ᠄      ᠨᠢᠭᠡ᠂ ᠣᠷᠴᠢᠨ ᠲᠣᠭᠤᠷᠢᠨ ᠢ ᠴᠡᠭᠴᠡᠯᠡᠨ ᠵᠠᠰᠠᠬᠤ ᠳᠤ᠂ ᠨᠠᠮ ᠤᠨ ᠭᠡᠰᠢᠭᠦᠨ ᠺᠠᠳ᠋ᠷ ᠲᠦᠷᠦᠭᠦᠯᠡᠨ ᠭᠦᠢᠴᠡᠳᠬᠡᠨ᠎ᠡ      ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠣᠷᠣᠰᠢᠨ ᠰᠠᠭᠤᠬᠤ ᠣᠷᠴᠢᠨ ᠢ ᠴᠡᠭᠴᠡᠯᠡᠨ ᠵᠠᠰᠠᠬᠤ ᠳᠤᠮᠳᠠ᠂ ᠥᠪᠡᠷ ᠤᠨ ᠪᠡᠶ᠎ᠡ ᠠᠴᠠ ᠪᠠᠨ ᠡᠬᠢᠯᠡᠨ᠂ ᠡᠳᠦᠷ ᠲᠤᠲᠤᠮ ᠤᠨ ᠪᠠᠭ᠎ᠠ ᠶᠠᠪᠤᠳᠠᠯ ᠠᠴᠠ ᠡᠬᠢᠯᠡᠨ᠂ ᠬᠠᠷᠢᠯᠴᠠᠨ ᠲᠦᠯᠬᠢᠯᠴᠡᠬᠦ ᠦᠭᠡᠢ᠂ ᠪᠤᠰᠤᠳ ᠲᠤ ᠲᠦᠰᠢᠭᠯᠡᠬᠦ ᠦᠭᠡᠢ ᠪᠠᠷ ᠢᠳᠡᠪᠬᠢᠲᠡᠶ ᠬᠦᠳᠡᠯᠦᠯᠴᠡᠨ᠂ ᠲᠦᠷᠦᠭᠦᠯᠡᠨ ᠪᠣᠳᠠᠲᠠᠶ ᠠᠵᠢᠯᠯᠠᠵᠤ᠂  ᠦᠯᠢᠭᠡᠷ ᠲᠠᠭᠤᠷᠢᠶᠠᠯ ᠦᠵᠡᠭᠦᠯᠦᠨ᠂ ᠪᠣᠳᠠᠲᠤ ᠠᠵᠢᠯᠯᠠᠭ᠎ᠠ ᠪᠠᠷ ᠢᠶᠠᠨ ᠣᠯᠠᠨ ᠲᠦᠮᠡᠨ ᠳᠤ ᠵᠢᠱᠢᠶ᠎ᠡ ᠪᠣᠯᠵᠤ᠂ ᠬᠤᠲᠠ ᠪᠠᠯᠭᠠᠰᠤ ᠮᠠᠯᠵᠢᠬᠤ ᠣᠷᠣᠨ ᠤ ᠣᠷᠣᠰᠢᠨ ᠰᠠᠭᠤᠬᠤ ᠣᠷᠴᠢᠨ ᠢ ᠴᠡᠭᠴᠡᠯᠡᠨ ᠵᠠᠰᠠᠬᠤ ᠳᠠᠭᠠᠭᠤᠯᠤᠭᠴᠢ ᠪᠣᠯᠬᠤ ᠪᠠᠷ ᠴᠢᠷᠮᠠᠶᠢᠬᠤ ᠬᠡᠷᠡᠭᠲᠡᠶ᠃ ᠨᠠᠮ ᠤᠨ ᠭᠡᠰᠢᠭᠦᠨ ᠤ ᠵᠢᠱᠢᠶᠡᠴᠢ ᠳᠠᠭᠠᠭᠤᠯᠤᠭᠴᠢ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠤᠨ᠂ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠰᠣᠨᠣᠰᠴᠤ᠂ ᠤᠯᠠᠨ ᠲᠦᠮᠡᠨ ᠤ ᠰᠠᠨᠠᠯ ᠰᠠᠨᠠᠭᠤᠯᠭ᠎ᠠ ᠶᠢ ᠬᠤᠷᠢᠶᠠᠵᠤ᠂ ᠤᠯᠠᠨ ᠲᠦᠮᠡᠨ ᠢ ᠲᠠᠶᠢᠴᠢᠯᠠᠨ ᠬᠡᠪᠰᠢᠮᠡᠯ ᠪᠠᠶᠢᠳᠠᠯ ᠢ ᠥᠭᠡᠷᠡᠴᠢᠯᠡᠵᠦ᠂ ᠣᠷᠣᠰᠢᠨ ᠰᠠᠭᠤᠬᠤ ᠣᠷᠴᠢᠨ ᠢ ᠵᠠᠰᠠᠬᠤ ᠤᠷᠳᠤ ᠬᠤᠭᠤᠴᠠᠭᠠᠨ ᠤ ᠪᠦᠲᠦᠮᠵᠢᠲᠡᠢ ᠲᠤᠭᠲᠠᠯᠴᠠᠭ᠎ᠠ ᠶᠢ ᠪᠠᠶᠢᠭᠤᠯᠵᠤ᠂ ᠦᠵᠡᠰᠬᠦᠯᠡᠩᠲᠦ ᠰᠠᠶᠢᠬᠠᠨ ᠣᠷᠣᠰᠢᠨ ᠰᠠᠭᠤᠷᠢᠰᠢᠬᠤ ᠳᠤ ᠲᠠᠭᠠᠯᠠᠮᠵᠢᠲᠠᠢ ᠠᠮᠢᠳᠤᠷᠠᠯ ᠤᠨ ᠣᠷᠴᠢᠨ ᠢ ᠬᠠᠮᠲᠤᠪᠠᠷ ᠴᠤᠭᠴᠠᠯᠠᠶ᠎ᠠ᠃      ᠬᠤᠶᠠᠷ᠂ ᠣᠷᠴᠢᠨ ᠲᠣᠭᠤᠷᠢᠨ ᠢ ᠴᠡᠭᠴᠡᠯᠡᠨ ᠵᠠᠰᠠᠬᠤ ᠳᠤ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠢᠳᠡᠪᠬᠢᠲᠡᠶ ᠣᠷᠣᠯᠴᠠᠨ᠎ᠠ      ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠠᠵᠢᠯᠯᠠᠭ᠎ᠠ ᠶᠢ ᠶᠡᠬᠡᠪᠡᠷ ᠥᠷᠨᠢᠭᠦᠯᠵᠦ᠂ ᠡᠷᠡᠭᠦᠯ ᠬᠠᠮᠠᠭᠠᠯᠠᠯ ᠤᠨ ᠬᠤᠰᠢᠭᠤ ᠰᠢᠶᠠᠨ ᠢ ᠴᠤᠭᠴᠠᠯᠠᠨ ᠪᠠᠶᠢᠭᠤᠯᠬᠤ ᠦᠷ᠎ᠡ ᠪᠦᠲᠦᠭᠡᠯ ᠢ ᠪᠠᠬᠢᠵᠢᠭᠦᠯᠦᠨ᠎ᠡ᠃ ᠰᠠᠭᠤᠭᠠᠯᠢ ᠲᠣᠭᠤᠷᠢᠭ ᠤᠨ ᠣᠷᠴᠢᠨ ᠲᠣᠭᠤᠷᠢᠨ ᠤ ᠬᠤᠭ ᠨᠣᠪᠰᠢ᠂ ᠠᠰᠠᠷ ᠤᠨ ᠭᠤᠳᠤᠮᠵᠢ ᠳᠤ ᠡᠳ᠋ ᠪᠤᠳᠠᠰ ᠳᠤᠷ᠎ᠠ ᠪᠠᠷ ᠢᠶᠠᠨ ᠣᠪᠣᠭᠠᠯᠠᠵᠤ ᠲᠠᠯᠪᠢᠬᠤ᠂ ᠠᠮᠢᠳᠤᠷᠠᠯ ᠤᠨ ᠬᠤᠭ ᠨᠣᠪᠰᠢ ᠶᠢ ᠳᠤᠷ᠎ᠠ ᠪᠠᠷ ᠢᠶᠠᠨ ᠬᠠᠶᠠᠬᠤ᠂ ᠣᠯᠠᠨ ᠨᠡᠶᠢᠲᠡ ᠶᠢᠨ ᠨᠤᠭᠤᠭᠠᠷᠠᠭᠤᠯᠤᠯᠲᠠ ᠶᠢᠨ ᠭᠠᠵᠠᠷ ᠢ ᠳᠤᠷ᠎ᠠ ᠪᠠᠷ ᠢᠶᠠᠨ ᠡᠵᠡᠯᠡᠨ ᠬᠡᠷᠡᠭᠯᠡᠬᠦ᠂ ᠲᠡᠷᠭᠡ ᠬᠥᠰᠬᠡ ᠶᠢ ᠳᠤᠷ᠎ᠠ ᠪᠠᠷ ᠢᠶᠠᠨ ᠵᠤᠭᠰᠤᠭᠠᠬᠤ ᠵᠡᠷᠭᠡ ᠦᠵᠡᠭᠳᠡᠯ ᠢ ᠲᠥᠪᠯᠡᠷᠡᠭᠦᠯᠦᠨ ᠴᠡᠭᠴᠡᠯᠡᠨ ᠵᠠᠰᠠᠵᠤ᠂ ᠣᠷᠴᠢᠨ ᠲᠣᠭᠤᠷᠢᠨ ᠢ ᠴᠡᠭᠴᠡᠯᠡᠨ ᠵᠠᠰᠠᠬᠤ ᠡᠵᠡᠨ ᠬᠥᠮᠦᠨ ᠪᠣᠯᠬᠤ ᠪᠠᠷ ᠴᠢᠷᠮᠠᠶᠢᠨ᠎ᠠ᠃ ᠵᠡᠭᠡᠯᠢ ᠳᠠᠭᠠᠭᠰᠠᠨ ᠬᠤᠳᠠᠯᠳᠤᠭᠠᠨ ᠤ ᠫᠦᠰᠡ ᠶᠢᠨ ᠥᠩᠭᠡ ᠤᠨᠠᠭᠰᠠᠨ ᠤᠯᠤᠰ ᠤᠨ ᠲᠤᠭ ᠢ ᠴᠠᠭ ᠲᠤᠬᠠᠢ ᠳᠤᠨᠢ ᠰᠣᠯᠢᠵᠤ᠂ ᠡᠭᠦᠳᠡᠨ ᠡᠮᠦᠨᠡᠬᠢ ︽ᠲᠠᠪᠤᠨ ᠳᠠᠭᠠᠭᠠᠴᠢᠯᠠᠯᠲᠠ︾ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠢ᠃ ᠡᠯ᠎ᠡ ᠳᠠᠭᠠᠭᠠᠴᠢᠯᠠᠨ ᠬᠤᠯᠪᠣᠭᠠᠯᠠᠭᠰᠠᠨ ᠨᠢᠭᠡᠴᠡ ᠨᠦᠭᠦᠳ ᠵᠢᠵᠢᠭ ᠲᠣᠭᠤᠷᠢᠭ ᠤᠨ ᠬᠦᠨᠳᠦ ᠨᠣᠴᠢᠲᠠᠶ ᠡᠪᠳᠡᠭᠳᠡᠭᠰᠡᠨ᠂ ᠦᠰᠦᠭ ᠪᠢᠴᠢᠭ ᠤᠨ ᠬᠡᠷᠡᠭᠯᠡᠯᠲᠡ ᠵᠣᠬᠢᠰ ᠥᠬᠡᠶ᠂ ᠵᠢᠷᠤᠮᠵᠢᠯ ᠥᠬᠡᠶ ᠬᠥᠨᠳᠡᠯᠡᠨ ᠪᠢᠴᠢᠭᠡᠰᠦ᠂ ᠤᠷᠢᠶ᠎ᠠ ᠯᠣᠽᠦ᠋ᠩ᠂ ᠫᠠᠶᠢᠰᠠ ᠢᠯᠡᠷᠬᠡᠶᠢᠯᠡᠯ᠂ ᠵᠠᠷ ᠮᠡᠳᠡᠭᠡ ᠵᠡᠷᠭᠡ ᠶᠢ ᠴᠠᠭ ᠲᠤᠬᠠᠶ ᠳᠤᠨᠢ ᠴᠡᠪᠡᠷᠯᠡᠬᠦ ᠬᠡᠷᠡᠭᠲᠡᠶ᠃ ᠮᠠᠯᠵᠢᠬᠤ ᠣᠷᠣᠨ ᠳᠤ ᠨᠡᠶᠢᠳᠡᠮ ᠣᠷᠣᠰᠢᠵᠤ ᠪᠠᠶᠢᠭ᠎ᠠ ᠠᠮᠢᠳᠤᠷᠠᠯ ᠤᠨ ᠬᠤᠭ ᠨᠣᠪᠰᠢ ᠶᠢ ᠳᠤᠷ᠎ᠠ ᠪᠠᠷ ᠢᠶᠠᠨ ᠬᠠᠶᠠᠬᠤ᠂ ᠠᠮᠢᠳᠤᠷᠠᠯ ᠤᠨ ᠪᠣᠬᠢᠷ ᠤᠰᠤ ᠶᠢ ᠳᠤᠷ᠎ᠠ ᠪᠠᠷ ᠢᠶᠠᠨ ᠴᠢᠳᠬᠤᠬᠤ᠂ ᠬᠤᠭ ᠨᠣᠪᠰᠢ ᠶᠢ ᠳᠤᠷ᠎ᠠ ᠪᠠᠷ ᠢᠶᠠᠨ ᠬᠠᠶᠠᠬᠤ᠂ ᠦᠢᠯᠡᠳᠪᠦᠷᠢᠯᠡᠯ ᠤᠨ ᠬᠡᠷᠡᠭᠰᠡᠯ ᠢ ᠳᠤᠷ᠎ᠠ ᠪᠠᠷ ᠢᠶᠠᠨ ᠲᠠᠯᠪᠢᠬᠤ ᠵᠡᠷᠭᠡ ᠦᠵᠡᠭᠳᠡᠯ ᠳᠤ ᠴᠢᠭᠯᠡᠭᠦᠯᠦᠨ᠂ ᠬᠤᠭ ᠨᠣᠪᠰᠢ ᠶᠢ ᠴᠡᠪᠡᠷᠯᠡᠬᠦ᠂ ᠬᠦᠷᠢᠶ᠎ᠡ ᠬᠠᠰᠢᠶ᠎ᠠ ᠶᠢ ᠴᠡᠪᠡᠷᠯᠡᠬᠦ ᠠᠵᠢᠯᠯᠠᠭ᠎ᠠ ᠶᠢ ᠲᠥᠪᠯᠡᠷᠡᠭᠦᠯᠦᠨ ᠥᠷᠨᠢᠭᠦᠯᠵᠦ᠂ ᠮᠠᠯᠵᠢᠬᠤ ᠣᠷᠣᠨ ᠤ ᠣᠷᠣᠰᠢᠨ ᠰᠠᠭᠤᠬᠤ ᠣᠷᠴᠢᠨ ᠢ ᠶᠡᠷᠦᠩᠬᠡᠶᠢᠯᠡᠨ ᠵᠠᠰᠠᠬᠤ ᠶᠢ ᠦᠷᠭᠦᠯᠵᠢᠯᠡᠨ ᠲᠠᠰᠤᠷᠠᠯᠲᠠ ᠥᠬᠡᠶ ᠠᠬᠢᠭᠤᠯᠪᠠ᠃ ᠥᠨᠴᠥᠭ ᠪᠤᠯᠤᠩ ᠦᠯᠡᠳᠡᠭᠡᠬᠦ ᠦᠭᠡᠢ ᠪᠠᠷ ᠪᠦᠬᠦ ᠲᠠᠯ᠎ᠠ ᠪᠠᠷ ᠠᠬᠢᠭᠤᠯᠵᠤ᠂ ᠰᠠᠶᠢᠳᠤᠷ ᠠᠳᠬᠤᠵᠤ᠂ ᠬᠤᠳᠠ ᠬᠥᠳᠡᠭᠡ ᠶᠢᠨ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠰᠠᠶᠢᠵᠢᠷᠠᠭᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠪᠣᠯᠪᠠᠰᠤᠨ ᠤ ᠬᠡᠪ ᠴᠢᠨᠠᠷ ᠢ ᠳᠡᠭᠡᠭᠰᠢᠯᠡᠭᠦᠯᠬᠦ ᠬᠡᠷᠡᠭᠲᠡᠢ᠃      ᠭᠤᠷᠪᠠ᠂ ᠣᠷᠴᠢᠨ ᠲᠣᠭᠤᠷᠢᠨ ᠢ ᠴᠡᠭᠴᠡᠯᠡᠨ ᠵᠠᠰᠠᠵᠤ᠂ ᠪᠣᠯᠪᠠᠰᠤᠨ ᠪᠠᠶᠢᠭᠤᠯᠤᠯᠲᠠ ᠳᠤ ᠰᠠᠶᠢᠨ ᠳᠤᠷᠠᠴᠤᠣᠯ ᠢᠳᠡᠪᠬᠢᠲᠡᠢ ᠬᠤᠪᠢ ᠨᠡᠮᠡᠷᠢ ᠦᠵᠡᠭᠦᠯᠦᠨ᠎ᠡ      ᠨᠡᠶᠢᠭᠡᠮ ᠲᠣᠭᠤᠷᠢᠭ ᠤᠨ ᠳᠤᠷᠠᠴᠣᠣᠯ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠢ ᠵᠣᠬᠢᠶᠠᠨ ᠪᠠᠶᠢᠭᠤᠯᠵᠤ ᠬᠠᠪᠤᠷ ᠤᠨ ᠤᠯᠠᠷᠢᠯ ᠤᠨ ᠡᠷᠡᠭᠦᠯ ᠬᠠᠮᠠᠭᠠᠯᠠᠯ᠂ ᠭᠡᠷ ᠣᠷᠣᠨ ᠤ ᠠᠷᠢᠭᠤᠨ ᠴᠡᠪᠡᠷ ᠢ ᠡᠷᠬᠢᠮᠯᠡᠬᠦ ᠰᠠᠶᠢᠨ ᠳᠤᠷ᠎ᠠ ᠶᠢᠨ ᠠᠵᠢᠯᠯᠠᠭ᠎ᠠ ᠥᠷᠨᠢᠭᠦᠯᠵᠦ᠂ ᠲᠣᠭᠲᠠᠮᠠᠯ ᠬᠤᠭᠤᠴᠠᠭ᠎ᠠ ᠲᠠᠢ ᠪᠠᠷ ᠰᠠᠭᠤᠭᠠᠯᠢ ᠠᠷᠠᠳ ᠤᠨ ᠲᠣᠭᠤᠷᠢᠭ ᠤᠨ ᠣᠷᠴᠢᠨ ᠲᠣᠭᠤᠷᠢᠨ ᠢ ᠴᠡᠪᠡᠷᠯᠡᠨ᠂ ᠦᠨᠴᠦᠭ ᠪᠣᠯᠤᠩ ᠳᠤ ᠬᠦᠷᠲᠡᠯ᠎ᠡ ᠦᠯᠡᠳᠡᠭᠡᠯ ᠦᠭᠡᠢ ᠴᠡᠪᠡᠷᠯᠡᠨ᠎ᠡ︔ ᠠᠰᠠᠷ ᠤᠨ ᠭᠤᠳᠤᠮᠵᠢ ᠳᠤ ᠳᠤᠷ᠎ᠠ ᠪᠠᠷ ᠵᠠᠷ ᠨᠠᠭᠠᠬᠤ᠂ ᠳᠤᠷ᠎ᠠ ᠪᠠᠷ ᠵᠢᠷᠤᠬᠤ ᠶᠢ ᠡᠷᠡᠰ ᠬᠤᠷᠢᠭᠯᠠᠵᠤ᠂ ᠬᠡᠷᠡᠮ ᠤᠨ ᠭᠠᠳᠠᠷᠭᠤ ᠶᠢ ᠴᠡᠪᠡᠷ ᠲᠡᠭᠰᠢ ᠪᠠᠶᠢᠯᠭᠠᠬᠤ ᠶᠢ ᠪᠠᠲᠤᠯᠠᠨ᠎ᠠ︔ ᠮᠠᠰᠢᠨ ᠲᠡᠷᠭᠡ ᠳᠤᠷ᠎ᠠ ᠪᠠᠷ ᠵᠤᠭᠰᠤᠭᠠᠬᠤ ᠦᠭᠡᠢ᠂ ᠭᠠᠯ ᠤᠨᠲᠠᠷᠠᠭᠠᠬᠤ ᠵᠠᠮ ᠢ ᠡᠵᠡᠯᠡᠨ ᠬᠡᠷᠡᠭᠯᠡᠬᠦ ᠦᠭᠡᠢ᠂ ᠴᠠᠬᠢᠯᠭᠠᠨ ᠬᠥᠳᠡᠯᠭᠡᠭᠦᠷᠲᠦ ᠲᠡᠷᠭᠡ ᠬᠥᠰᠬᠡ ᠶᠢ ᠲᠣᠭᠲᠠᠭᠠᠯ ᠠᠴᠠ ᠵᠥᠷᠢᠴᠡᠨ ᠴᠠᠬᠢᠯᠭᠠᠨ ᠴᠡᠨᠡᠭᠯᠡᠬᠦ ᠦᠭᠡᠢ ᠪᠠᠶᠢᠬᠤ ᠶᠢ ᠪᠡᠶᠡᠯᠡᠭᠦᠯᠦᠨ᠂ ᠭᠠᠯ ᠤᠨᠲᠠᠷᠠᠭᠠᠬᠤ ᠠᠮᠤᠷ ᠲᠦᠪᠰᠢᠨ ᠢ ᠦᠨᠡᠨᠬᠦ ᠪᠠᠲᠤᠯᠠᠨ᠎ᠠ᠃ ᠨᠡᠶᠢᠭᠡᠮ ᠲᠣᠭᠤᠷᠢᠭ ᠤᠨ ᠳᠤᠷᠠᠴᠣᠣᠯ ᠢ ᠳᠠᠶᠢᠴᠢᠯᠠᠨ ᠴᠠᠭ ᠲᠤᠬᠠᠶ ᠳᠤᠨᠢ ᠬᠢᠨᠠᠯᠲᠠ ᠲᠠᠯᠪᠢᠵᠤ᠂ ᠨᠣᠭᠤᠭᠠᠷᠠᠭᠤᠯᠤᠯᠲᠠ ᠶᠢᠨ ᠭᠠᠵᠠᠷ ᠢ ᠲᠠᠯᠬᠢᠭᠳᠠᠬᠤ ᠦᠢᠯᠡ ᠠᠵᠢᠯᠯᠠᠭ᠎ᠠ ᠶᠢ ᠡᠷᠡᠰ ᠬᠤᠷᠢᠭᠯᠠᠵᠤ᠂ ᠪᠣᠯᠪᠠᠰᠤᠨ ᠬᠡᠪ ᠰᠤᠷᠲᠠᠯ ᠤᠨ ᠦᠢᠯᠡᠳᠦᠯᠭᠡᠵᠢᠭᠦᠯᠦᠭᠴᠢ᠂ ᠳᠠᠭᠠᠭᠤᠯᠤᠭᠴᠢ ᠪᠣᠯᠭᠠᠬᠤ ᠬᠡᠷᠡᠭᠲᠡᠶ᠃       ᠦᠴᠦᠬᠡᠨ ᠪᠠᠭ᠎ᠠ ᠠᠴᠠ ᠡᠬᠢᠯᠡᠨ ᠭᠠᠷᠳᠠᠵᠤ᠂ ᠰᠠᠶᠢᠳᠤᠷ ᠠᠳᠬᠤᠨ ᠪᠡᠶᠡᠯᠡᠭᠦᠯᠳᠡᠭ ᠯᠡ ᠶᠤᠮ ᠪᠣᠯ ᠮᠠᠨ ᠤ ᠠᠮᠢᠳᠤᠷᠠᠯ ᠤᠨ  ᠤᠷᠴᠢᠨ ᠳᠤ ᠢᠳᠡᠪᠬᠢᠲᠡᠢ᠂ ᠦᠨᠡᠨᠬᠦ ᠬᠤᠪᠢᠷᠠᠯᠲᠠ ᠭᠠᠷᠭᠠᠵᠤ ᠲᠡᠶᠢᠯᠦᠨ᠎ᠡ ᠭᠡᠳᠡᠭ ᠲᠤ ᠪᠠᠲᠤ ᠢᠲᠡᠭᠡᠯ ᠲᠠᠢ ᠪᠠᠶᠢᠨ᠎ᠠ᠃ ᠪᠢᠳᠡ ᠣᠳᠣ ᠠᠴᠠ ᠡᠬᠢᠯᠡᠨ᠂ ᠳᠡᠷᠭᠡᠳᠡᠬᠢ ᠪᠠᠭ᠎ᠠ ᠶᠠᠪᠤᠳᠠᠯ ᠠᠴᠠ ᠡᠬᠢᠯᠡᠨ᠂ ᠪᠣᠳᠠᠲᠤ ᠠᠵᠢᠯᠯᠠᠭ᠎ᠠ ᠪᠠᠷ ᠢᠶᠠᠨ ᠨᠡᠩ ᠦᠵᠡᠰᠬᠦᠯᠡᠩᠲᠦ ᠰᠠᠶᠢᠬᠠᠨ᠂ ᠡᠶ᠎ᠡ ᠵᠣᠬᠢᠴᠠᠩᠭᠤᠢ᠂ ᠣᠷᠣᠰᠢᠨ ᠰᠠᠭᠤᠬᠤ ᠳᠤ ᠲᠠᠭᠠᠯᠠᠮᠵᠢᠲᠠᠢ ᠠᠮᠢᠳᠤᠷᠠᠯ ᠤᠨ ᠣᠷᠴᠢᠨ ᠲᠣᠭᠤᠷᠢᠨ ᠢ ᠬᠠᠮᠲᠤ ᠪᠠᠷ ᠴᠤᠭᠴᠠᠯᠠᠬᠤ ᠪᠠᠷ ᠴᠢᠷᠮᠠᠶᠢᠵᠠᠭᠠᠶ᠎ᠠ᠃       ᠳᠤᠮᠳᠠᠳᠤ ᠤᠯᠤᠰ ᠤᠨ ᠡᠪ ᠬᠠᠮᠲᠤ ᠨᠠᠮ ᠤᠨ ᠠᠪᠠᠭ᠎ᠠ ᠬᠤᠰᠢᠭᠤᠨ ᠤ ᠬᠤᠷᠢᠶᠠᠨ ᠤ ᠤᠬᠠᠭᠤᠯᠬᠤ ᠬᠡᠯᠲᠡᠰ       ᠠᠪᠠᠭ᠎ᠠ ᠬᠤᠰᠢᠭᠤᠨ ᠤ ᠣᠶᠤᠨ ᠤ ᠪᠣᠯᠪᠠᠰᠤᠨ ᠤ ᠪᠠᠢᠭᠤᠯᠤᠯᠲᠠ ᠶᠢᠨ ᠠᠯᠪᠠᠨ ᠭᠡᠷ       ᠠᠪᠠᠭ᠎ᠠ ᠬᠤᠰᠢᠭᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠢᠯᠡᠴᠢᠯᠡᠭᠡᠨ ᠤ ᠲᠥᠪ                  2025 ᠣᠨ ᠤ 3 ᠰᠠᠷ᠎ᠠ ᠶᠢᠨ 4 ᠤ ᠡᠳᠦᠷ
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号