ᠠᠪᠠᠭ᠎ᠠ ᠬᠤᠰᠢᠭᠤ ᠲᠥᠯ ᠲᠤᠰᠴᠤ ᠪᠤᠶᠢᠵᠢᠭᠤᠯᠬᠤ ᠠᠵᠢᠯ ᠢ ᠯᠠᠪᠳᠠᠭᠤᠨ ᠢᠶᠠᠷ ᠠᠬᠢᠭᠤᠯᠵᠦ ᠲᠦᠯᠵᠢᠬᠦ ᠬᠠᠪᠤᠷ ᠤᠨ ᠤᠷᠠᠢ ᠬᠠᠩᠬᠢᠨᠠᠭᠤᠯᠤᠨ᠎ᠠ
ᠨᠡᠶᠢᠲᠡᠯᠡᠭᠰᠡᠨ ᠴᠠᠭ᠄
2025/3/19
     ᠤᠷᠢᠬᠠᠨ ᠬᠠᠪᠤᠷ ᠤᠨ ᠭᠤᠷᠪᠠᠨ ᠰᠠᠷ᠎ᠠ ᠳᠤ ᠲᠠᠯ᠎ᠠ ᠨᠤᠲᠤᠭ ᠠᠮᠢᠵᠢᠷᠠᠯ ᠤᠨ ᠬᠦᠴᠦᠨ ᠢᠶᠠᠷ ᠪᠢᠯᠬᠠᠵᠤ᠂ ᠠᠪᠠᠭ᠎ᠠ ᠬᠤᠰᠢᠭᠤᠨ ᠤ ᠬᠠᠪᠤᠷ ᠤᠨ ᠤᠯᠠᠷᠢᠯ ᠤᠨ ᠲᠥᠯ ᠲᠤᠰᠴᠤ ᠪᠤᠶᠢᠵᠢᠭᠤᠯᠬᠤ ᠠᠵᠢᠯ ᠶᠠᠭ ᠡᠮᠬᠢ ᠴᠡᠭᠴᠡ ᠲᠠᠢ ᠶᠠᠪᠤᠭᠳᠠᠵᠤ ᠪᠠᠶᠢᠯ᠎ᠠ᠃ ᠡᠬᠡ ᠮᠠᠯ ᠤᠨ ᠲᠠᠷᠭᠤ ᠬᠦᠴᠦ ᠶᠢ ᠪᠠᠳᠤᠯᠠᠵᠦ᠂ ᠲᠥᠯ ᠮᠠᠯ ᠤᠨ ᠤᠨᠳᠤᠷᠤᠯᠲᠠ ᠶᠢᠨ ᠨᠣᠷᠮ᠎ᠠ ᠶᠢ ᠳᠡᠭᠡᠭᠰᠢᠯᠡᠭᠦᠯᠬᠦ ᠶᠢᠨ ᠲᠥᠯᠥᠭᠡ᠂ ᠠᠪᠠᠭ᠎ᠠ ᠬᠤᠰᠢᠭᠤ ᠡᠷᠳᠡ ᠠᠴᠠ ᠪᠠᠶᠢᠷᠢᠯᠠᠭᠤᠯᠵᠤ᠂ ᠰᠢᠨᠵᠢᠯᠡᠬᠦ ᠤᠬᠠᠭᠠᠨᠴᠢ ᠪᠠᠷ ᠵᠢᠯᠣᠭᠤᠳᠴᠤ᠂ ᠮᠠᠯᠴᠢᠳ ᠢ ᠬᠠᠪᠰᠤᠷᠤᠨ ︽ᠡᠷᠲᠡ ᠶᠢᠨ ᠲᠥᠯ  ᠲᠤᠰᠬᠤ᠂ ᠲᠠᠷᠭᠤ ᠬᠦᠴᠦ ᠰᠠᠶᠢᠳᠠᠢ ᠲᠥᠯ ᠪᠤᠶᠢᠵᠢᠭᠤᠯᠬᠤ᠂ ᠡᠷᠲᠡ ᠵᠠᠷᠤᠴᠠᠭᠤᠯᠬᠤ᠂ ᠡᠷᠲᠡ ᠠᠰᠢᠭ ᠭᠥᠷᠳᠡᠬᠦ︾ ᠬᠠᠷᠠᠯᠲᠠ ᠳᠤ ᠬᠦᠷᠬᠦ ᠪᠠᠷ ᠴᠢᠷᠮᠠᠶᠢᠵᠦ ᠪᠤᠢ᠃      ᠠᠪᠠᠭ᠎ᠠ ᠬᠤᠰᠢᠭᠤᠨ ᠤ ᠪᠠᠶᠠᠨᠳᠤᠭ ᠰᠤᠮᠤᠨ ᠤ ᠦᠯᠵᠡᠶᠢᠪᠢᠯᠢᠭᠲᠦ ᠭᠠᠴᠠᠭᠠᠨ ᠤ ᠮᠠᠯᠴᠢᠨ ᠭᠠᠩᠪᠠᠲᠤ ᠶᠢᠨ  ᠬᠢᠨ ᠤ ᠭᠠᠳᠠᠨ᠎ᠠ ᠲᠦᠯ ᠮᠠᠯ ᠤᠨ ᠲᠠᠭᠤᠨ ᠬᠠᠩᠬᠢᠨᠠᠵᠦ᠂ ᠲᠦᠯᠵᠢᠬᠦ ᠬᠠᠪᠤᠷ ᠤᠨ ᠲᠡᠮᠳᠡᠭ ᠢᠯᠡᠭᠡᠨ᠃ ᠭᠠᠩᠪᠠᠲᠤ ᠶᠢᠨ ᠬᠢ 2 ᠲᠦᠮᠡ 6482 ᠮᠥ ᠨᠤᠳᠤᠭ ᠪᠠᠯᠴᠢᠭᠡᠷ ᠲᠡᠭᠡᠷ᠎ᠡ ᠪᠠᠨ 300 ᠭᠠᠷᠤᠶ ᠬᠤᠨᠢ ᠮᠠᠯᠵᠢᠵᠦ᠂ ᠤᠳᠤᠬᠠᠨ ᠪᠤᠯᠳᠠᠯ᠎ᠠ 280 ᠭᠠᠷᠤᠶ ᠲᠦᠯ ᠲᠤᠰᠴᠠᠢ᠃ ᠭᠠᠩᠪᠠᠲᠤ ᠤᠳᠠᠭᠠᠨ ᠵᠢᠯ ᠤᠨ ᠮᠠᠯᠵᠢᠯ ᠤᠨ ᠬᠠᠰᠢᠷ ᠲᠤᠷᠰᠢᠯᠭ᠎ᠠ ᠪᠠᠷ᠂ ᠡᠪᠡᠰᠦ ᠪᠣᠷᠳᠤᠭ᠎ᠠ ᠪᠠᠨ ᠡᠷᠳᠡ ᠠᠴᠠ ᠭᠦᠢᠴᠡᠳ ᠨᠥᠭᠡᠴᠡᠯᠡᠵᠦ᠂ ᠮᠠᠯ  ᠰᠦᠷᠦᠭ ᠤᠨ ᠲᠠᠷᠭᠤ ᠬᠦᠴᠦ ᠶᠢ ᠪᠠᠲᠤᠯᠠᠬᠤ ᠶᠢᠨ ᠬᠠᠮᠲᠤ ᠫᠧᠩ ᠬᠤᠷᠤᠭᠠᠨ ᠤ ᠳᠤᠯᠠᠭᠠᠯᠠᠭ᠎ᠠ ᠶᠢ ᠠᠩᠬᠠᠷᠤᠨ ᠰᠢᠯᠢᠳᠡᠭᠵᠢᠬᠦᠯᠵᠦ᠂ ᠬᠢᠵᠢᠭ ᠭᠡᠮ ᠤᠨ ᠰᠡᠷᠭᠡᠶᠢᠯᠡᠯᠳᠡ ᠪᠠᠨ ᠴᠢᠩᠭᠠᠳᠬᠠᠨ᠂ ᠲᠥᠯ ᠮᠠᠯ ᠤᠨ ᠪᠤᠶᠢᠵᠢᠯᠳᠡ ᠳᠤ ᠪᠡᠯᠡᠳᠬᠡᠯ ᠬᠦᠢᠴᠡᠳ ᠪᠤᠯᠭᠠᠵᠠᠢ᠃ ᠡᠨᠡ ᠵᠢᠯ᠂  ᠡᠳᠡᠨᠡᠶᠢᠬᠢᠨ 80 ᠲᠣᠨ ᠡᠪᠡᠰᠦ᠂ 20 ᠲᠣᠨ ᠲᠡᠵᠢᠭᠡᠯ ᠪᠣᠷᠳᠤᠭ᠎ᠠ ᠨᠦᠭᠡᠴᠡᠯᠡᠭᠰᠡᠨ ᠪᠠᠶᠢᠨ᠎ᠠ᠃      ︽ᠬᠠᠪᠤᠷ ᠤᠨ ᠡᠷᠲᠡ ᠶᠢᠨ ᠲᠥᠯ ᠳᠤᠰᠬᠤ ᠨᠢ ᠤᠨᠳᠤᠷᠤᠯᠲᠠ ᠶᠢᠨ ᠨᠣᠷᠮ᠎ᠠ ᠥᠨᠳᠥᠷ᠂  ᠭᠠᠷᠭᠠᠯᠲᠠ ᠡᠷᠳᠡ᠂ ᠠᠰᠢᠭ ᠣᠷᠣᠯᠭ᠎ᠠ ᠨᠢ ᠨᠡᠩ ᠲᠦᠷᠭᠡᠨ︾ ᠭᠡᠵᠦ ᠭᠠᠩᠪᠠᠲᠤ ᠬᠤᠷᠠᠭ᠎ᠠ ᠪᠠᠨ ᠠᠷᠠᠴᠢᠯᠠᠬᠤ ᠶᠢᠨ ᠵᠠᠪᠰᠠᠷ ᠶᠠᠷᠢᠨ᠎ᠠ᠃      ᠣᠶᠢᠯᠠᠭᠠᠭᠰᠠᠨ ᠢᠶᠠᠷ᠂ ᠠᠪᠠᠭ᠎ᠠ ᠬᠤᠰᠢᠭᠤ ᠬᠠᠪᠤᠷ ᠤᠨ ᠤᠯᠠᠷᠢᠯ ᠤᠨ ᠲᠥᠯ ᠲᠤᠰᠴᠤ ᠪᠤᠶᠢᠵᠢᠭᠤᠯᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠮᠡᠷᠭᠡᠵᠢᠯ ᠤᠨ ᠠᠵᠢᠯᠲᠠᠨ ᠢ ᠵᠣᠬᠢᠶᠠᠨ ᠪᠠᠶᠢᠭᠤᠯᠤᠨ ᠮᠠᠯᠵᠢᠬᠤ ᠣᠷᠣᠨ ᠳᠤ ᠭᠦᠨᠵᠡᠭᠡᠶᠢᠷᠡᠭᠦᠯᠦᠨ᠂ ᠲᠡᠵᠢᠭᠡᠨ ᠦᠷᠡᠵᠢᠭᠦᠯᠬᠦ ᠪᠣᠯᠪᠠᠰᠤᠷᠠᠯ ᠥᠷᠨᠢᠭᠦᠯᠵᠦ᠂ ᠲᠥᠯ ᠲᠤᠰᠴᠤ ᠪᠤᠶᠢᠵᠢᠭᠤᠯᠬᠤ ᠳᠤ ᠵᠢᠯᠣᠭᠤᠳᠣᠯᠭ᠎ᠠ ᠬᠠᠩᠭᠠᠬᠤ ᠶᠢᠨ ᠬᠠᠮᠲᠤ ᠬᠢᠵᠢᠭ ᠭᠡᠮ ᠢ ᠰᠡᠷᠭᠡᠶᠢᠯᠡᠨ ᠡᠵᠡᠮᠳᠡᠬᠦ ᠤᠬᠠᠭᠤᠯᠭ᠎ᠠ ᠶᠢ ᠴᠢᠩᠭᠠᠳᠬᠠᠪᠠ᠃ ᠡᠭᠦᠨ ᠤ ᠬᠠᠮᠲᠤ ᠪᠠᠰᠠ ᠨᠤᠲᠤᠭ ᠪᠡᠯᠴᠢᠭᠡᠷ ᠤᠨ ᠠᠮᠢ ᠠᠬᠤᠶ ᠶᠢ ᠬᠠᠮᠠᠭᠠᠯᠠᠬᠤ ᠡᠷᠴᠢᠮ ᠢᠶᠠᠨ ᠴᠢᠩᠭᠠᠷᠠᠭᠤᠯᠤᠨ᠂ ᠮᠠᠯᠴᠢᠳ ᠤᠨ ᠦᠢᠯᠡᠳᠪᠦᠷᠢᠯᠡᠯ ᠪᠣᠯᠤᠨ ᠠᠮᠢ ᠠᠬᠤᠶ ᠶᠢᠨ ᠦᠷᠭᠦᠯᠵᠢᠯᠡᠨ ᠬᠥᠭᠵᠢᠬᠦ ᠶᠢ ᠦᠨᠡᠨᠬᠦ ᠪᠠᠳᠤᠯᠠᠪᠠ᠃ ᠣᠳᠣᠬᠠᠨ ᠪᠣᠯᠲᠠᠯ᠎ᠠ᠂  ᠮᠠᠨ ᠤ ᠬᠤᠰᠢᠭᠤ 8.56 ᠲᠦᠮᠡᠨ ᠲᠥᠯ ᠲᠤᠰᠴᠤ᠂ ᠡᠭᠦᠨ ᠳᠤ 1.89 ᠲᠦᠮᠡᠨ ᠪᠤᠳᠠ ᠮᠠᠯ ᠤᠨ ᠲᠦᠯ᠂ 6.67 ᠲᠦᠮᠡᠨ ᠪᠤᠭ ᠮᠠᠯ ᠤᠨ ᠲᠦᠯ ᠲᠤᠰᠴᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 14% ᠪᠠᠷ ᠨᠡᠮᠡᠭᠳᠡᠵᠦ᠂ ᠤᠨᠳᠤᠷᠤᠯᠳᠠ ᠶᠢᠨ  ᠨᠤᠷᠮ᠎ᠠ 99% ᠠᠴᠠ ᠳᠡᠭᠡᠭᠰᠢ ᠬᠦᠷᠪᠡ᠃     ᠤᠷᠢᠬᠠᠨ ᠰᠠᠯᠬᠢ ᠥᠷᠭᠡᠨ ᠠᠭᠤᠳᠠᠮ ᠲᠠᠯ᠎ᠠ ᠨᠤᠲᠤᠭ ᠢ ᠠᠶᠠᠷᠬᠠᠨ ᠢᠯᠪᠢᠵᠦ᠂  ᠲᠦᠯ ᠮᠠᠯ ᠤᠨ ᠲᠠᠭᠤᠨ ᠨᠢ ᠮᠠᠯᠴᠢ ᠡᠵᠡᠨ ᠤ ᠮᠠᠩᠨᠠᠢ ᠲᠡᠨᠢᠢᠯᠭᠡᠨ ᠪᠠᠶᠠᠰᠬᠠᠨ᠎ᠠ᠃ ᠲᠥᠯ ᠲᠤᠰᠬᠤ ᠠᠵᠢᠯ ᠤᠨ ᠤᠷᠤᠭᠰᠢᠲᠠᠢ ᠶᠠᠪᠤᠭᠳᠠᠬᠤ ᠶᠢ ᠳᠠᠭᠠᠯᠳᠤᠨ᠂ ᠮᠠᠯᠴᠢᠨ ᠲᠦᠮᠡᠨ ᠤ ᠰᠢᠷᠭᠠᠭᠤ ᠬᠦᠳᠡᠯᠮᠤᠷᠢ ᠠᠮᠵᠢᠯᠳᠠ ᠬᠤᠷᠤᠶᠢᠯᠠᠨ᠎ᠠ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号