ᠮᠠᠯ ᠤᠨ ᠪᠤᠷᠤᠯᠠᠭᠤᠯᠭ᠎ᠠ ᠶᠢᠨ ᠵᠠᠮ ᠳᠤ ᠰᠢᠨ᠎ᠡ ᠬᠠᠶᠢᠯᠳᠠ ᠬᠢᠵᠦ ᠶᠠᠪᠤᠭ᠎ᠠ ᠮᠠᠯᠴᠢᠳ
ᠨᠡᠶᠢᠲᠡᠯᠡᠭᠰᠡᠨ ᠴᠠᠭ᠄
2025/3/19
     ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠬᠦᠴᠦᠲᠡᠢ ᠪᠥᠭᠡᠳ ᠪᠦᠲᠦᠮᠵᠢᠲᠡᠢ ᠠᠬᠢᠭᠤᠯᠬᠤ ᠶᠢ ᠲᠠᠭᠠᠯᠳᠤᠨ᠂ ᠬᠠᠪᠰᠤᠷᠤᠨ ᠲᠡᠳᠬᠦᠵᠦ ᠠᠷᠠᠳ ᠲᠤ ᠠᠰᠢᠭ ᠬᠦᠷᠲᠡᠭᠡᠬᠦ ᠲᠦᠷᠦ ᠶᠢᠨ ᠪᠤᠳᠤᠯᠭ᠎ᠠ ᠨᠤᠭᠤᠳ ᠢ ᠨᠠᠶᠢᠳᠠᠪᠤᠷᠢᠵᠢᠭᠤᠯᠵᠤ᠂ ᠬᠥᠳᠡᠭᠡ ᠲᠤᠰᠬᠤᠨ ᠤ ᠠᠵᠤ ᠦᠢᠯᠡᠰ ᠥᠷᠨᠢᠭᠦᠨ ᠬᠦᠭᠵᠢᠭᠰᠡᠨ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠳᠦᠭᠡᠨ ᠪᠠᠶᠢᠭᠤᠯᠤᠯᠲᠠ ᠶᠢᠨ ᠠᠮᠢᠳᠤᠯᠢᠭ ᠵᠢᠷᠤᠭ ᠤᠳ ᠠᠪᠠᠭ᠎ᠠ ᠨᠤᠳᠤᠭ ᠲᠤ ᠲᠡᠯᠭᠡᠭᠳᠡᠨ᠎ᠡ᠃      ᠨᠤᠲᠤᠭ ᠤᠰᠤ ᠪᠠᠨ ᠬᠥᠭᠵᠢᠭᠦᠯᠦᠨ ᠮᠠᠨᠳᠤᠭᠤᠯᠬᠤ ᠦᠢᠯᠡᠳᠦᠯᠭᠡ ᠳᠤ ᠤᠷᠬᠢᠯᠤᠮ᠎ᠠ ᠰᠡᠳᠬᠢᠯᠭᠡ ᠪᠠᠷ ᠢᠳᠡᠪᠬᠢᠯᠠᠨ ᠤᠷᠤᠯᠴᠠᠵᠦ ᠶᠠᠪᠤᠭ᠎ᠠ ᠰᠢᠨ᠎ᠡ ᠡᠷᠡᠨ ᠤ ᠮᠠᠯᠴᠢᠳ  ᠪᠠᠭ᠋ᠠᠳᠤᠭᠤᠰᠢᠳᠠᠢ᠃ ᠲᠡᠳᠡ ᠪᠤᠯ ᠮᠠᠯᠴᠢᠨ ᠲᠦᠮᠡᠨ  ᠤ ᠮᠠᠨᠢ ︽ ᠲᠦᠷᠦᠬᠦᠴᠢ ᠬᠤᠨ︾ ᠶᠤᠮ᠃ ᠠᠪᠠᠭ᠎ᠠ ᠬᠤᠰᠢᠭᠤᠨ ᠤ ᠨᠠᠷᠠᠨᠪᠤᠯᠠᠭ ᠰᠤᠮᠤ ᠶᠢᠨ ᠳᠦᠰᠢᠨᠭᠤᠪᠢ ᠭᠠᠴᠠᠭᠠᠨ ᠤ ᠪᠠᠲᠤᠪᠠᠶᠠᠷ ᠪᠣᠯᠤᠨ ᠪᠠᠶᠠᠨᠰᠢᠯᠢ ᠭᠠᠴᠠᠭᠠᠨ ᠤ  ᠭᠠᠩᠲᠤᠭᠤᠭ᠎ᠠ ᠥᠪᠡᠷ ᠦᠪᠡᠷᠰᠡᠳ ᠤᠨ ᠭᠡᠷ ᠪᠦᠯᠢ ᠶᠢᠨ ᠮᠠᠯᠵᠢᠯ ᠤᠨ ᠲᠠᠯᠠᠪᠠᠢ ᠪᠠᠨ ᠬᠢᠯᠠᠷᠠᠳᠠᠯ᠎ᠠ ᠡᠵᠡᠩᠨᠡᠵᠦ  ᠶᠠᠪᠤᠭ᠎ᠠ ᠮᠠᠯᠴᠢᠳ᠃ ᠲᠡᠳᠡ ᠪᠣᠯ ᠠᠪᠠᠭ᠎ᠠ ᠨᠤᠲᠤᠭ ᠤᠨ ᠤᠮᠠᠷᠠᠲᠤ ᠬᠢᠯᠢ ᠶᠢᠨ ᠮᠠᠯᠴᠢᠳ ᠢ ᠳᠠᠭᠠᠭᠤᠯᠤᠨ ᠠᠵᠤ ᠦᠢᠯᠡᠰ ᠢᠶᠠᠨ ᠬᠥᠭᠵᠢᠭᠦᠯᠵᠦ᠂ ᠬᠠᠮᠲᠤ ᠪᠠᠷ ᠪᠠᠶᠠᠵᠢᠭᠰᠠᠨ ᠲᠡᠷᠢᠭᠦᠨ ᠤ ᠨᠡᠶᠢᠲᠡᠯᠢᠭ ᠵᠢᠱᠢᠶ᠎ᠡ ᠪᠣᠯᠤᠨ᠎ᠠ᠃ ︽ᠪᠠᠶᠢᠭ᠎ᠠ ᠡᠬᠢ ᠪᠠᠶᠠᠯᠢᠭ ᠪᠠ ᠵᠠᠰᠠᠭ ᠤᠨ ᠣᠷᠳᠣᠨ ᠤ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠬᠡᠷᠬᠢᠨ ᠤᠷᠠᠨ ᠢᠶᠠᠷ ᠤᠶᠠᠯᠳᠤᠭᠤᠯᠤᠨ ᠠᠰᠢᠭᠯᠠᠬᠤ ᠪᠣᠶ︖︾᠂ ︽ᠬᠡᠷᠬᠢᠨ ᠤᠯᠠᠨ ᠢ ᠳᠠᠭᠠᠭᠤᠯᠵᠤ ᠬᠠᠮᠲᠤ ᠪᠠᠷ ᠪᠠᠶᠠᠵᠢᠬᠤ ᠪᠤᠢ︖︾ ᠡᠳᠡᠭᠡᠷ ᠠᠰᠠᠭᠤᠳᠠᠯ ᠨᠢ ᠪᠠᠲᠤᠪᠠᠶᠠᠷ ᠪᠣᠯᠤᠨ ᠭᠠᠩᠲᠤᠭᠤᠭ᠎ᠠ ᠶᠢᠨ ᠪᠤᠳᠤᠯᠭᠠᠰᠢᠷᠠᠯ ᠪᠤᠯᠳᠠᠭ᠃      ᠮᠢᠩᠭ᠎ᠠ ᠰᠡᠳᠬᠢᠭᠰᠡᠨ ᠠᠴᠠ ᠨᠢᠭᠡ ᠦᠢᠯᠡᠳᠦᠯᠭᠡᠵᠢᠬᠦᠯᠦᠭᠰᠡᠨ ᠨᠢ ᠲᠡᠭᠡᠷ᠎ᠡ ᠭᠡᠮᠡᠨ ᠪᠤᠳᠤᠭᠰᠠᠨ ᠲᠡᠳᠡ ᠤᠯᠠᠨ ᠭᠠᠵᠠᠷ ᠤᠨ ᠠᠵᠦ ᠠᠬᠤᠶᠢᠯᠠᠯ᠂ ᠦᠭᠡᠷ ᠮᠠᠯᠵᠢᠵᠦ ᠪᠠᠶᠢᠭ᠎ᠠ ᠲᠤᠰᠬᠠᠢ ᠡᠷᠦᠭᠡ ᠵᠡᠷᠭᠡ ᠪᠠᠷ ᠲᠤᠭᠤᠷᠢᠨ ᠰᠤᠷᠤᠯᠴᠠᠵᠦ᠂  ᠪᠤᠰᠤᠳ ᠤᠨ ᠲᠠᠪᠠᠭᠤᠯᠢᠭ ᠠᠴᠠ ᠰᠤᠷᠤᠯᠴᠠᠭᠰᠠᠨ ᠢᠶᠠᠨ᠂ ᠨᠠᠷᠠᠨᠪᠤᠯᠠᠭ ᠰᠤᠮᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠵᠢᠯᠣᠭᠤᠳᠣᠯᠭ᠎ᠠ ᠪᠠ ᠳᠡᠮᠵᠢᠯᠭᠡ ᠳᠣᠤᠷ᠎ᠠ᠂ ᠬᠤᠶᠠᠭᠤᠯᠠ ᠬᠠᠮᠵᠢᠯᠴᠠᠨ᠂ ᠰᠢᠯᠢ ᠶᠢᠨ ᠬᠤᠲᠠ ᠶᠢᠨ ᠲᠠᠯ᠎ᠠ ᠨᠤᠲᠤᠭ ᠤᠨ ᠮᠧᠩ ᠴᠢᠶᠠᠩ ᠮᠢᠬᠠᠨ ᠤ ᠦᠢᠯᠡᠰ ᠤᠨ ᠬᠢᠵᠠᠭᠠᠷᠲᠤ ᠺᠣᠮᠫᠠᠨᠢ ᠪᠠ ᠶᠢᠨ ᠳ᠋ᠧ ᠮᠠᠯ ᠤᠨ ᠠᠰᠢᠭ ᠰᠢᠮ᠎ᠡ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠲᠠᠢ ᠭᠦᠨᠵᠡᠭᠡᠶ ᠵᠥᠪᠳᠡᠯᠴᠡᠭᠡ ᠬᠢᠵᠡᠶ᠃ ᠡᠶᠢᠨᠬᠦ ᠬᠤᠶᠠᠷ ᠲᠠᠯ᠎ᠠ ᠪᠠᠷ ᠢᠶᠠᠨ ᠮᠠᠯᠴᠢᠳ ᠤᠨ ᠣᠷᠣᠯᠭ᠎ᠠ ᠶᠢ ᠨᠡᠮᠡᠭᠳᠡᠭᠦᠯᠬᠦ᠂ ᠠᠵᠤ ᠠᠬᠤᠶᠢᠯᠠᠯ ᠤᠨ ᠦᠷ᠎ᠡ ᠠᠰᠢᠭ ᠢ ᠨᠡᠮᠡᠭᠳᠡᠭᠦᠯᠬᠦ ︽ᠮᠠᠯᠴᠢᠳ ᠪᠠ ᠠᠵᠤ ᠠᠬᠤᠶᠢᠯᠠᠯ ᠤᠨ ᠬᠠᠮᠲᠤ ᠪᠠᠷ ᠠᠰᠢᠭ ᠭᠥᠷᠳᠡᠬᠦ︾ ᠤᠷᠢᠲᠠᠯ ᠳᠣᠤᠷ᠎ᠠ᠂ ︽ᠬᠠᠮᠲᠤᠷᠠᠨ ᠠᠵᠢᠯᠯᠠᠵᠤ ᠬᠠᠮᠲᠤ ᠪᠠᠷ ᠠᠰᠢᠭ ᠭᠥᠷᠳᠡᠬᠦ︾ ᠮᠠᠯ ᠤᠨ ᠦᠨ᠎ᠡ ᠬᠠᠩᠰᠢ ᠶᠢ ᠠᠮᠵᠢᠯᠲᠠ ᠲᠠᠢ ᠪᠠᠷ ᠵᠥᠪᠳᠡᠯᠴᠡᠨ ᠲᠤᠭᠳᠠᠪᠠ᠃ ᠡᠨᠡ ᠬᠦ ᠦᠨ᠎ᠡ ᠬᠠᠩᠰᠢ ᠨᠢ ᠮᠠᠯᠴᠢᠳ ᠮᠠᠯ ᠤᠨᠤᠭ᠎ᠠ ᠪᠠᠨ ᠰᠢᠭᠤᠳ ᠮᠠᠶᠢᠮᠠᠶᠢᠴᠢᠨ ᠳᠤ ᠬᠤᠳᠠᠯᠳᠤᠬᠤ ᠲᠠᠢ ᠬᠠᠷᠢᠴᠠᠭᠤᠯᠪᠠᠯ᠂ ᠦᠬᠡᠷ ᠪᠦᠷᠢ ᠲᠡᠭᠡᠷ᠎ᠡ ᠮᠢᠩᠭ᠎ᠠ ᠰᠢᠬᠠᠮ ᠲᠦᠬᠦᠷᠢᠭ ᠤᠨ ᠢᠯᠡᠬᠦᠦ ᠠᠰᠢᠭ ᠬᠦᠷᠳᠡᠵᠦ᠂ ᠮᠠᠯ ᠵᠠᠷᠤᠴᠠᠭᠤᠯᠬᠤ ᠳᠤ ᠬᠦᠴᠢᠷ᠂ ᠵᠠᠬ᠎ᠠ ᠳᠡᠯᠭᠡᠭᠦᠷ ᠤᠨ ᠦᠨ᠎ᠡ ᠬᠠᠩᠰᠢ ᠲᠤᠤᠷ᠎ᠠ᠂ ᠮᠠᠯᠴᠢᠳ ᠤᠨ ᠠᠰᠢᠭ ᠤᠷᠤᠯᠭ᠎ᠠ ᠠᠨᠠᠢ ᠪᠠᠶᠢᠭ᠎ᠠ ᠵᠡᠷᠭᠡ ᠠᠰᠠᠭᠤᠳᠠᠯ ᠢ ᠪᠦᠲᠦᠮᠵᠢᠲᠡᠶ ᠨᠠᠮᠳᠠᠭᠠᠭᠰᠠᠨ ᠪᠠᠶᠢᠨ᠎ᠠ᠃ ᠡᠭᠦᠨ ᠤ ᠬᠠᠮᠲᠤ᠂ ᠮᠠᠯᠴᠢᠳ ᠤᠨ ᠪᠣᠬᠢᠷᠲᠤᠯ ᠥᠬᠡᠶ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠨᠢ ᠴᠦ ᠠᠵᠤ ᠠᠬᠤᠶᠢᠯᠠᠯ ᠢ ᠴᠢᠨᠠᠷ ᠰᠠᠶᠢᠲᠠᠶ ᠪᠠᠷᠠᠭᠠᠨ ᠤ ᠬᠠᠩᠭᠠᠯᠭ᠎ᠠ   ᠶᠢᠨ ᠡᠬᠢ ᠪᠠᠶᠠᠯᠢᠭ ᠲᠠᠢ ᠪᠤᠯᠭᠠᠵᠦ᠂ ᠬᠦᠢᠲᠡᠨ ᠬᠥᠮᠥᠷᠭᠡ ᠳᠤ ᠪᠠᠲᠤ ᠪᠠᠬᠢ ᠶᠠᠰᠤ ᠴᠢᠨᠠᠷ ᠤᠨ ᠪᠠᠲᠤᠯᠠᠭ᠎ᠠ ᠬᠠᠩᠭᠠᠭᠰᠠᠨ ᠶᠤᠮ᠃      ᠨᠢᠳᠤᠨᠤᠨ ᠪᠠᠲᠤᠪᠠᠶᠠᠷ ᠭᠠᠩᠲᠤᠭᠤᠭ᠎ᠠ ᠶᠢᠨ ᠳᠠᠭᠠᠭᠤᠯᠭ᠎ᠠ ᠳᠣᠤᠷ᠎ᠠ᠂ ᠮᠠᠯᠴᠢᠳ ᠤᠨ  ᠬᠤᠷᠰᠢᠶᠠᠵᠢᠯ ᠨᠢ ᠴᠦ ᠰᠢᠯᠢ ᠶᠢᠨ ᠬᠤᠲᠠ ᠶᠢᠨ ᠲᠠᠯ᠎ᠠ ᠨᠤᠲᠤᠭ ᠤᠨ ᠮᠧᠩ ᠴᠢᠶᠠᠩ ᠮᠢᠬᠠᠨ ᠤ ᠦᠢᠯᠡᠰ ᠤᠨ ᠬᠢᠵᠠᠭᠠᠷᠲᠤ ᠺᠣᠮᠫᠠᠨᠢ ᠪᠤᠯᠤᠨ  ᠶᠢᠨ ᠳ᠋ᠧ ᠮᠠᠯ ᠤᠨ ᠠᠰᠢᠭ ᠰᠢᠮ᠎ᠡ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳᠤ 600 ᠭᠠᠷᠤᠶ ᠦᠬᠡᠷ ᠬᠠᠩᠭᠠᠵᠤ᠂ ᠬᠡᠳᠦᠨ ᠠᠷᠪᠠᠨ ᠲᠦᠮᠡᠨ ᠲᠥᠭᠦᠷᠢᠭ ᠤᠨ ᠢᠯᠡᠬᠦᠦ ᠣᠷᠣᠯᠭ᠎ᠠ ᠡᠬᠦᠳᠴᠠᠢ᠃ ᠮᠠᠯ ᠤᠨ ᠪᠤᠷᠤᠯᠠᠭᠤᠯᠭ᠎ᠠ  ᠶᠢᠨ ᠵᠠᠮ ᠨᠢ ᠪᠠᠳᠤᠯᠠᠭ᠎ᠠ ᠲᠠᠢ ᠪᠤᠯᠵᠦ᠂ ᠮᠠᠯᠴᠢᠳ ᠤᠨ ᠤᠷᠤᠯᠭ᠎ᠠ ᠨᠢ ᠨᠡᠮᠡᠭᠳᠡᠭᠡᠳ ᠢᠷᠡᠬᠦ ᠳᠤ ᠪᠠᠲᠤᠪᠠᠶᠠᠷ ᠪᠣᠯᠤᠨ ᠭᠠᠩᠲᠤᠭᠤᠭ᠎ᠠ ᠶᠢᠨ ᠮᠠᠯᠴᠢᠨ ᠠᠷᠠᠳ ᠢᠶᠠᠨ ᠳᠠᠭᠠᠭᠤᠯᠤᠨ ᠬᠥᠭᠵᠢᠯᠲᠡ ᠶᠢᠨ ᠵᠠᠮ ᠰᠦᠪᠡᠭᠴᠢᠯᠡᠬᠦ ᠡᠷᠴᠢ ᠵᠣᠷᠢᠭ ᠨᠠᠩ ᠪᠠᠳᠠᠷᠠᠭᠤᠨ ᠪᠣᠯᠵᠠᠶ᠃      ᠣᠶᠢᠷ᠎ᠠ ᠶᠢᠨ ᠵᠢᠯ ᠳᠤ᠂ ᠮᠠᠯᠵᠢᠬᠤ ᠣᠷᠣᠨ ᠤ ᠠᠵᠤ ᠠᠬᠤᠶ ᠶᠢᠨ ᠬᠥᠭᠵᠢᠯᠲᠡ ᠶᠢ ᠠᠬᠢᠭᠤᠯᠵᠤ᠂ ᠮᠠᠯᠴᠢᠳ ᠤᠨ ᠣᠷᠣᠯᠭ᠎ᠠ ᠶᠢ ᠨᠡᠮᠡᠭᠳᠡᠬᠦᠯᠦᠨ᠂ ᠮᠠᠯ ᠠᠵᠤ ᠠᠬᠤᠶ ᠶᠢᠨ ᠣᠳᠣᠬᠢᠴᠢᠯᠠᠯᠲᠠ ᠳᠠᠰᠢ ᠤᠷᠤᠭᠰᠢᠯᠠᠬᠤ ᠶᠢ ᠠᠬᠢᠭᠤᠯᠬᠤ ᠶᠢᠨ ᠲᠥᠯᠥᠭᠡ᠂ ᠨᠠᠷᠠᠨᠪᠤᠯᠠᠭ ᠰᠤᠮᠤ ᠣᠯᠠᠨ ᠡᠰᠢᠵᠢᠯᠡᠭᠰᠡᠨ ᠪᠠᠶᠠᠵᠢᠯ ᠤᠨ ᠰᠢᠨ᠎ᠡ ᠠᠷᠭ᠎ᠠ ᠵᠠᠮ ᠢ ᠢᠳᠡᠪᠬᠢᠲᠡᠶ ᠬᠠᠶᠢᠨ ᠰᠦᠪᠡᠭᠴᠢᠯᠡᠵᠦ᠂ ︽ᠠᠵᠤ ᠠᠬᠤᠶᠢᠯᠠᠯ + ᠬᠤᠷᠰᠢᠶᠠᠵᠢᠯ + ᠮᠠᠯᠴᠢᠳ︾ ᠭᠤᠷᠪᠠᠨ ᠱᠠᠲᠤ  ᠪᠠᠷ ᠬᠤᠯᠪᠣᠭᠠᠯᠠᠨ ᠬᠥᠳᠡᠯᠦᠯᠴᠡᠭᠰᠡᠨ ᠮᠠᠯᠴᠢᠳ ᠪᠠ ᠠᠵᠤ ᠠᠬᠤᠶᠢᠯᠠᠯ ᠤᠨ ᠬᠤᠯᠪᠤᠭᠠᠳᠦ  ᠵᠤᠬᠢᠴᠠᠮᠵᠢ ᠶᠢ ᠶᠡᠬᠡᠪᠡᠷ ᠬᠡᠷᠡᠭᠵᠢᠭᠦᠯᠵᠦ᠂ ᠮᠠᠯᠴᠢᠳ ᠤᠨ ᠬᠦᠰᠡᠯ ᠡᠷᠡᠮᠡᠯᠵᠡᠯ ᠪᠠ ᠠᠵᠤ ᠠᠬᠤᠶᠢᠯᠠᠯ ᠤᠨ ᠬᠡᠷᠡᠭᠴᠡᠭᠡ ᠱᠠᠭᠠᠷᠳᠠᠯᠭ᠎ᠠ ᠶᠢ ᠬᠠᠯᠠᠮᠵᠢᠯᠠᠨ᠂ ᠪᠣᠳᠠᠲᠤ ᠠᠵᠢᠯᠯᠠᠭ᠎ᠠ ᠪᠠᠷ ᠢᠶᠠᠨ ᠮᠠᠯᠴᠢᠨ ᠲᠦᠮᠡᠨ ᠳᠤ ᠪᠤᠳᠠᠳᠦ ᠠᠰᠢᠭ ᠬᠦᠷᠳᠡᠭᠡᠭᠰᠡᠨ ᠪᠠᠶᠢᠨ᠎ᠠ᠃ ᠡᠭᠦᠨ ᠤ ᠬᠠᠮᠲᠤ ᠦᠨᠳᠦᠰᠦᠨ ᠱᠠᠲᠤᠨ ᠤ ᠮᠡᠷᠭᠡᠵᠢᠯ ᠤᠨ ᠬᠦᠴᠢᠷ ᠠᠰᠠᠭᠤᠳᠠᠯ ᠢ ᠰᠢᠢᠳᠪᠦᠷᠢᠯᠡᠬᠦ᠂ ᠮᠠᠯᠴᠢᠳ ᠤᠨ ᠰᠢᠨ᠎ᠡ ᠶᠢ ᠡᠭᠦᠳᠦᠨ ᠦᠢᠯᠡᠰ ᠴᠣᠭᠴᠠᠯᠠᠬᠤ ᠶᠢ ᠬᠥᠲᠥᠯᠥᠨ ᠵᠢᠯᠣᠭᠤᠳᠬᠤ ᠵᠡᠷᠭᠡ ᠲᠠᠯ᠎ᠠ ᠪᠠᠷ ᠢᠳᠡᠪᠬᠢᠲᠡᠢ ᠦᠢᠯᠡᠳᠦᠯ ᠦᠵᠡᠭᠦᠯᠵᠦ᠂ ᠮᠠᠯᠴᠢᠳ ᠤᠨ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ᠳᠤ ᠲᠠᠰᠤᠷᠠᠯᠲᠠ ᠦᠭᠡᠢ ᠬᠦᠴᠦᠨ ᠨᠡᠮᠡᠷᠢᠯᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ  ᠬᠢᠯᠪᠠᠭ᠎ᠠ ᠰᠠᠴᠤᠷᠠᠭᠤᠯᠤᠨ᠎ᠠ᠃      ︽ᠵᠠᠰᠠᠭ ᠤᠨ ᠣᠷᠳᠣᠨ ᠤ ᠳᠡᠮᠵᠢᠯᠭᠡ ᠪᠢᠳᠡᠨ ᠳᠤ ᠶᠡᠭᠡ ᠬᠡᠮᠵᠢᠶᠡᠨ ᠤ ᠵᠢᠯᠤᠭᠤᠳᠤᠯᠭ᠎ᠠ ᠪᠠ ᠬᠠᠪᠰᠤᠷᠤᠯᠭ᠎ᠠ ᠦᠵᠡᠬᠦᠯᠦᠭᠰᠡᠨ ᠶᠤᠮ᠂ ᠪᠢᠳᠡ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠡᠨᠡᠬᠦ ᠠᠵᠠ ᠲᠤᠬᠢᠶᠠᠯ ᠢ ᠵᠠᠪᠳᠤᠨ᠂ ᠮᠠᠯᠴᠢᠨ  ᠲᠦᠮᠡᠨ ᠲᠠᠢ ᠪᠠᠨ ᠬᠠᠮᠲᠤ ᠠᠮᠢᠳᠤᠷᠠᠯ ᠢᠶᠠᠨ ᠤᠯᠠᠮ ᠠᠴᠠ ᠤᠯᠠᠮ ᠰᠠᠶᠢᠵᠢᠷᠠᠭᠤᠯᠬᠤ ᠳᠤ ᠢᠳᠡᠭᠡᠯ ᠲᠠᠢ ᠪᠠᠶᠢᠨ᠎ᠠ︾ ᠭᠡᠵᠦ ᠪᠠᠲᠤᠪᠠᠶᠠᠷ ᠬᠤᠶᠢᠰᠢᠳᠠ ᠶᠢᠨ ᠠᠮᠢᠳᠤᠷᠠᠯ ᠳᠤ ᠪᠠᠨ ᠢᠲᠡᠭᠡᠯ ᠳᠦᠭᠦᠷᠡᠩ ᠤᠴᠢᠷᠯᠠᠨ᠎ᠠ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号