ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠲᠢᠩ · ᠪᠠᠭᠠᠲᠤᠷ ᠪᠥᠬᠦ ᠤᠯᠤᠰ ᠤᠨ ︽ᠬᠤᠶᠠᠷ ᠬᠤᠷᠠᠯ︾ ᠤᠨ ᠵᠣᠷᠢᠭ ᠰᠠᠨᠠᠭ᠎ᠠ ᠶᠢ ᠨᠤᠳᠤᠭ ᠤᠨ ᠲᠦᠮᠡᠨ ᠳᠤ ᠪᠠᠨ ᠤᠯᠠᠮᠵᠢᠯᠠᠯ᠎ᠠ
ᠨᠡᠶᠢᠲᠡᠯᠡᠭᠰᠡᠨ ᠴᠠᠭ᠄
2025/3/25
     3 ᠰᠠᠷ᠎ᠠ ᠶᠢᠨ 14 ᠤ ᠡᠳᠦᠷ ᠤᠨ ᠦᠳᠡ ᠶᠢᠨ ᠡᠮᠦᠨ᠎ᠡ᠂ ᠪᠦᠬᠦ ᠤᠯᠤᠰ ᠤᠨ ᠤᠯᠤᠰ ᠲᠦᠷᠦ ᠶᠢᠨ ᠵᠦᠪᠯᠡᠯᠭᠡᠨ ᠤ ᠭᠡᠰᠢᠬᠦᠨ ᠲᠢᠩ · ᠪᠠᠭᠠᠲᠤᠷ ᠪᠡᠭᠡᠵᠢᠩ ᠠᠴᠠ ᠪᠤᠴᠠᠵᠤ ᠢᠷᠡᠮᠡᠭᠴᠡ ᠳᠠᠷᠦ᠋ᠢᠬᠠᠨ ᠠᠪᠠᠭ᠎ᠠ ᠬᠤᠰᠢᠭᠤᠨ  ᠤ ᠬᠤᠩᠭᠤᠷᠭᠤᠤᠯ ᠪᠠᠯᠭᠠᠰᠤᠨ ᠳᠤ ᠬᠦᠷᠴᠦ᠂ ᠪᠦᠬᠦ ᠤᠯᠤᠰ ᠤᠨ ︽ᠬᠤᠶᠠᠷ ᠬᠤᠷᠠᠯ︾ ᠤᠨ ᠵᠣᠷᠢᠭ ᠰᠠᠨᠠᠭ᠎ᠠ ᠪᠣᠯᠤᠨ ᠤᠯᠤᠰ ᠤᠨ ᠬᠠᠮᠤᠭ ᠰᠢᠨ᠎ᠡ ᠲᠦᠷᠦ ᠶᠢᠨ ᠪᠤᠳᠤᠯᠭ᠎ᠠ ᠶᠢ ᠤᠯᠠᠨ ᠲᠦᠮᠡᠨ ᠳᠡᠭᠡᠨ ᠤᠯᠠᠮᠵᠢᠯᠠᠨ᠂ ᠲᠡᠳᠡᠨ ᠤ ᠲᠦᠷᠦ ᠶᠢᠨ ᠪᠤᠳᠤᠯᠭ᠎ᠠ ᠶᠢ ᠴᠠᠭ ᠲᠠᠷᠤᠢ ᠳᠤᠨᠢ  ᠤᠶᠢᠯᠠᠭᠠᠵᠦ᠂ ᠠᠵᠠ ᠲᠤᠬᠢᠶᠠᠯ ᠢ ᠵᠠᠪᠳᠤᠨ᠂ ᠨᠡᠩ ᠰᠠᠷᠠᠭᠤᠯ ᠠᠯᠤᠰ ᠢᠷᠡᠭᠡᠳᠦᠢ ᠪᠠᠨ ᠤᠭᠳᠤᠬᠤ ᠳᠤᠨᠢ ᠴᠢᠭᠯᠡᠯ ᠵᠢᠭᠠᠯ᠎ᠠ᠃      ︽ᠡᠨᠡ ᠵᠢᠯ ᠤᠨ ᠪᠦᠬᠦ ᠤᠯᠤᠰ ᠤᠨ ︿ᠬᠤᠶᠠᠷ ᠬᠤᠷᠠᠯ﹀ ᠠᠴᠠ ᠮᠠᠨ ᠤ ᠮᠠᠯᠵᠢᠬᠤ ᠣᠷᠣᠨ ᠤ ᠬᠥᠭᠵᠢᠯᠲᠡ ᠳᠤ ᠬᠤᠯᠪᠣᠭᠳᠠᠬᠤ ᠮᠠᠰᠢ ᠤᠯᠠᠨ ᠲᠦᠷᠦ ᠶᠢᠨ ᠪᠤᠳᠤᠯᠭ᠎ᠠ ᠶᠢ ᠶᠠᠷᠢᠯᠴᠠᠭᠰᠠᠨ ᠶᠤᠮ︾ ᠭᠡᠵᠦ ᠲᠢᠩ · ᠪᠠᠭᠠᠳᠤᠷ ᠪᠠᠯᠭᠠᠰᠤᠨ ᠤ ᠬᠤᠷᠠᠯ ᠤᠨ ᠭᠡᠷ ᠲᠤ  ︽ᠬᠤᠶᠠᠷ ᠬᠤᠷᠠᠯ︾ ᠤᠨ ᠬᠤᠭᠤᠴᠠᠭᠠᠨ ᠳᠠᠬᠢ ᠮᠠᠯᠵᠢᠬᠤ ᠤᠷᠤᠨ ᠤ ᠲᠤᠬᠠᠢ ᠭᠤᠤᠯᠳᠠᠯᠭ᠎ᠠ ᠲᠠᠢ ᠵᠦᠪᠯᠡᠬᠦ ᠵᠦᠢᠯ ᠂ ᠢᠯᠠᠩᠭᠤᠶ᠎ᠠ ᠬᠦᠳᠡᠭᠡ ᠲᠤᠰᠬᠤᠨ ᠢ ᠬᠦᠭᠵᠢᠬᠦᠯᠤᠨ ᠮᠠᠨᠳᠤᠭᠤᠯᠬᠤ᠂ ᠰᠠᠭᠤᠷᠢ ᠲᠦᠬᠦᠭᠡᠷᠤᠮᠵᠢ ᠶᠢᠨ ᠪᠦᠳᠤᠬᠡᠨ ᠪᠠᠶᠢᠭᠤᠯᠤᠯᠳᠠ ᠵᠢᠴᠢ ᠮᠠᠯ ᠠᠵᠤ ᠠᠬᠤᠢ ᠶᠢᠨ ᠤᠳᠤᠬᠢᠴᠢᠯᠠᠯᠳᠠ ᠶᠢᠨ ᠲᠠᠯ᠎ᠠ ᠪᠠᠷ᠂ ᠤᠯᠤᠰ ᠠᠴᠠ ᠤᠷᠤᠭᠤᠯᠤᠯᠳᠠ ᠪᠠ ᠲᠡᠮᠵᠢᠯᠬᠡ ᠶᠢ ᠨᠡᠮᠡᠭᠳᠡᠬᠦᠯᠬᠦ ᠪᠠᠷ ᠪᠠᠶᠢᠭ᠎ᠠ ᠲᠠᠯ᠎ᠠ ᠪᠠᠷ ᠡᠬᠡᠯ ᠪᠤᠷᠤᠭᠵᠢᠭᠤᠨ ᠶᠠᠷᠢᠶ᠎ᠠ ᠪᠠᠷ ᠰᠡᠳᠬᠢᠯᠭᠡ ᠬᠦᠨ ᠨᠠᠷᠢᠨ ᠲᠠᠶᠢᠯᠤᠮᠵᠢ ᠬᠢᠵᠦ᠂ ᠮᠠᠯᠴᠢᠨ ᠲᠦᠮᠡᠨ ᠳᠤ  ᠪᠠᠨ ᠤᠯᠠᠮᠵᠢᠯᠠᠪᠠ᠃ ᠲᠡᠷᠡ᠄ ︽ᠤᠯᠤᠰ ᠤᠨ ᠲᠥᠷᠥ ᠶᠢᠨ ᠪᠣᠳᠣᠯᠭ᠎ᠠ ᠶᠠᠭ ᠪᠢᠳᠡᠨ ᠳᠤ ᠨᠠᠩ ᠰᠠᠷᠠᠭᠤᠯ ᠲᠠᠷᠳᠠᠩ ᠬᠥᠭᠵᠢᠯᠲᠡ ᠶᠢᠨ ᠵᠠᠮ ᠳᠡᠪᠢᠰᠴᠦ ᠥᠭᠴᠦ ᠪᠠᠶᠢᠨ᠎ᠠ᠂ ᠮᠠᠯᠵᠢᠬᠤ ᠣᠷᠣᠨ ᠤ ᠢᠷᠡᠭᠡᠳᠦᠶ ᠨᠡᠩ ᠦᠷᠭᠡᠨ ᠳᠡᠯᠭᠡᠷ ᠪᠤᠯᠬᠤ ᠶᠤᠮ ᠪᠠᠶᠢᠨ᠎ᠠ︾ ᠭᠡᠵᠦ ᠳᠤᠷᠠᠳᠪᠠ᠃ ᠢᠯᠠᠩᠭᠤᠶ᠎ᠠ ᠮᠠᠯᠴᠢᠳ ᠤᠨ ᠣᠷᠣᠯᠭ᠎ᠠ ᠨᠡᠮᠡᠭᠳᠡᠬᠦᠯᠬᠦ ᠲᠠᠯ᠎ᠠ ᠪᠠᠷ ᠬᠢ ᠰᠢᠨ᠎ᠡ ᠰᠡᠳᠬᠢᠴᠡ ᠪᠣᠯᠤᠨ ᠴᠢᠭᠯᠡᠯ ᠤᠨ ᠲᠤᠬᠠᠢ ᠶᠠᠷᠢᠶᠤ ᠳᠤ ᠪᠠᠨ ᠲᠢᠩ · ᠪᠠᠭᠠᠲᠤᠷ᠄ ︽ᠣᠳᠣᠬᠠᠨ ᠳᠤ ᠮᠠᠯᠵᠢᠬᠤ ᠣᠷᠣᠨ ᠳᠤ ᠲᠤᠯᠭᠠᠷᠠᠵᠤ ᠪᠠᠶᠢᠭ᠎ᠠ ᠬᠠᠮᠤᠭ ᠤᠨ ᠶᠡᠭᠡ ᠥᠷᠢᠰᠥᠯᠳᠦᠭᠡᠨ ᠪᠣᠯ ᠮᠠᠯ ᠤᠨ ᠦᠨ᠎ᠡ ᠬᠠᠩᠰᠢ ᠳᠣᠤᠷ᠎ᠠ᠂ ᠡᠪᠡᠰᠦ ᠪᠣᠷᠳᠤᠭ᠎ᠠ ᠶᠢᠨ ᠦᠨ᠎ᠡ ᠥᠨᠳᠥᠷ ᠪᠣᠯᠬᠤᠷ ᠮᠠᠯᠴᠢᠳ ᠤᠨ ᠣᠷᠣᠯᠭ᠎ᠠ ᠠᠨᠠᠢ ᠪᠠᠶᠢᠭ᠎ᠠ᠃ ᠡᠳᠡᠭᠡᠷ ᠠᠰᠠᠭᠤᠳᠠᠯ ᠢ ᠰᠢᠢᠳᠪᠦᠷᠢᠯᠡᠬᠦ ᠶᠢᠨ ᠵᠠᠩᠭᠢᠯᠠᠭ᠎ᠠ ᠨᠢ ᠲᠡᠵᠢᠭᠡᠨ ᠦᠷᠡᠵᠢᠭᠦᠯᠬᠦ ᠠᠷᠭ᠎ᠠ ᠬᠡᠯᠪᠡᠷᠢ ᠪᠠᠨ ᠬᠤᠪᠢᠷᠠᠭᠤᠯᠬᠤ ᠶᠠᠪᠤᠳᠠᠯ ᠪᠣᠯᠤᠨ᠎ᠠ᠃ ᠠᠮᠢ ᠠᠬᠤᠶ ᠶᠢ ᠬᠠᠮᠠᠭᠠᠯᠠᠭᠰᠠᠨ ᠰᠠᠭᠤᠷᠢᠨ ᠳᠡᠭᠡᠷ᠎ᠡ᠂ ᠣᠳᠣᠬᠢᠴᠢᠯᠠᠭᠰᠠᠨ ᠬᠠᠳᠤᠯᠠᠩ ᠤᠨ ᠲᠠᠯᠠᠪᠠᠢ ᠶᠢ ᠪᠦᠲᠦᠭᠡᠨ ᠪᠠᠶᠢᠭᠤᠯᠬᠤ᠂ ᠨᠠᠷᠢᠯᠢᠭ ᠠᠷᠠᠴᠢᠯᠠᠵᠦ ᠴᠦᠬᠡᠨ ᠮᠠᠯᠵᠢᠬᠤ᠂ ᠡᠭᠦᠯᠳᠡᠷ ᠰᠠᠶᠢᠵᠢᠷᠠᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠮᠠᠯ ᠠᠵᠤ ᠠᠬᠤᠢ ᠶᠢᠨ ᠪᠦᠬᠦᠶᠢᠯᠡ ᠴᠣᠭᠴᠠ ᠶᠢᠨ ᠦᠷ᠎ᠡ ᠠᠰᠢᠭ ᠢ ᠳᠡᠭᠡᠭᠰᠢᠯᠡᠭᠦᠯᠬᠦ ᠶᠢᠨ ᠬᠠᠮᠲᠤ᠂ ᠰᠢᠨᠵᠢᠯᠡᠬᠦ ᠤᠬᠠᠭᠠᠨ ᠮᠡᠷᠭᠡᠵᠢᠯ ᠤᠨ ᠬᠦᠴᠦᠨ ᠳᠤ ᠲᠦᠰᠢᠭᠯᠡᠨ᠂ ᠣᠶᠤᠨᠴᠢ ᠮᠠᠯ ᠠᠵᠤ ᠠᠬᠤᠶ ᠶᠢ ᠬᠥᠭᠵᠢᠭᠦᠯᠬᠦ ᠶᠢᠨ ᠵᠡᠷᠭᠡᠪᠡᠷ ᠡᠯᠧᠺᠲᠷᠤᠨ ᠬᠤᠳᠠᠯᠳᠤᠭᠠᠨ ᠤ ᠲᠠᠪᠴᠠᠩ ᠢ ᠠᠰᠢᠭᠯᠠᠨ ᠤᠷᠤᠨ ᠨᠤᠳᠤᠭ ᠤᠨ ᠦᠬᠡᠷ ᠬᠤᠨᠢᠨ ᠤ ᠮᠢᠬ᠎ᠠ ᠪᠠ ᠴᠠᠭᠠᠨ ᠢᠳᠡᠭᠡᠨ ᠤ ᠪᠣᠷᠣᠯᠠᠭᠤᠯᠭ᠎ᠠ ᠶᠢᠨ ᠵᠠᠮ ᠢ ᠥᠷᠭᠡᠳᠬᠡᠵᠦ᠂ ᠨᠠᠩ ᠥᠷᠭᠡᠨ ᠵᠠᠬ᠎ᠠ ᠳᠡᠯᠭᠡᠭᠦᠷ ᠲᠤ ᠬᠠᠨᠳᠤᠬᠤ ᠴᠢᠬᠤᠯᠠᠳᠠᠢ ᠲᠠᠢ ᠪᠠᠶᠢᠨ᠎ᠠ︾ ᠭᠡᠵᠦ ᠶᠠᠷᠢᠪᠠ᠃      ︽ᠲᠢᠩ · ᠪᠠᠭᠠᠲᠤᠷ ᠱᠦᠵᠢ ᠦᠨᠦᠳᠦᠷ ᠤᠨ ᠲᠠᠶᠢᠯᠤᠮᠵᠢ ᠳᠤ ᠪᠠᠨ ᠣᠳᠣᠬᠢᠴᠢᠯᠠᠭᠰᠠᠨ ᠮᠠᠯ ᠠᠵᠤ ᠠᠬᠤᠶ᠂ ᠲᠠᠯ᠎ᠠ ᠨᠤᠲᠤᠭ ᠤᠨ ᠠᠮᠢ ᠠᠬᠤᠶ ᠶᠢᠨ ᠬᠠᠮᠠᠭᠠᠯᠠᠯᠲᠠ ᠵᠢᠴᠢ ᠨᠠᠷᠢᠯᠢᠭ ᠠᠷᠠᠴᠢᠯᠠᠵᠦ ᠴᠦᠬᠡᠨ ᠮᠠᠯᠵᠢᠬᠤ ᠵᠡᠷᠭᠡ ᠲᠠᠯ᠎ᠠ  ᠪᠠᠷ ᠨᠠᠷᠢᠨ ᠲᠠᠶᠢᠯᠪᠤᠷᠢᠯᠠᠭᠰᠠᠨ ᠠᠴᠠ᠂ ᠤᠯᠤᠰ ᠤᠨ ᠲᠥᠷᠥ ᠶᠢᠨ ᠪᠣᠳᠣᠯᠭ᠎ᠠ ᠶᠢᠨ ᠬᠠᠨᠳᠤᠰᠢ ᠶᠢ ᠨᠠᠩ ᠲᠣᠳᠣᠷᠬᠠᠶ ᠤᠶᠢᠯᠠᠭᠠᠭᠰᠠᠨ᠂ ᠲᠥᠷᠥ ᠶᠢᠨ ᠪᠣᠳᠣᠯᠭ᠎ᠠ ᠶᠢ ᠳᠠᠭᠠᠵᠤ ᠪᠠᠶᠢᠪᠠᠯ᠂ ᠮᠠᠨ ᠤ ᠮᠠᠯᠴᠢᠳ ᠤᠨ ᠠᠮᠢᠳᠤᠷᠠᠯ ᠯᠠᠪᠲᠠᠶ ᠶᠠᠪᠤᠬᠤ ᠲᠤᠲᠤᠮ ᠰᠠᠶᠢᠵᠢᠷᠠᠬᠤ ᠪᠣᠯᠤᠨ᠎ᠠ ᠭᠡᠳᠡᠭ ᠲᠤ ᠢᠲᠡᠭᠡᠵᠦ ᠪᠠᠶᠢᠨ᠎ᠠ︾ ᠭᠡᠵᠦ ᠬᠤᠩᠭᠤᠷᠭᠤᠤᠯ ᠪᠠᠯᠭᠠᠰᠤᠨ ᠤ ᠮᠠᠯᠴᠢᠨ ᠮᠢᠩᠭᠠᠨᠪᠠᠶᠠᠷ ᠶᠠᠷᠢᠨ᠎ᠠ᠃      ︽ᠥᠨᠥᠳᠥᠷ ᠤᠨ ᠲᠠᠶᠢᠯᠤᠮᠵᠢ ᠶᠢ ᠰᠤᠨᠤᠰᠤᠭᠠᠳ ᠢᠳᠡᠭᠡᠯ ᠵᠤᠷᠢᠭ ᠮᠠᠨᠢ ᠤᠯᠠᠮ ᠬᠦᠪᠴᠢᠯᠡᠭᠳᠡᠭᠰᠡᠨ᠂ ᠭᠠᠴᠠᠭᠠᠨ ᠤ ᠺᠠᠳ᠋ᠷ ᠪᠣᠯᠤᠭᠰᠠᠨ ᠤ ᠬᠤᠪᠢ ᠳᠤ᠂ ᠤᠯᠠᠨ ᠲᠦᠮᠡᠨ ᠢᠶᠠᠨ ᠳᠠᠭᠠᠭᠤᠯᠤᠨ ᠰᠡᠳᠬᠢᠴᠡ ᠪᠠᠨ ᠲᠡᠯᠡᠵᠦ᠂ ᠤᠨᠴᠠᠯᠢᠬᠳᠤ ᠮᠠᠯ ᠤᠨ ᠠᠰᠢᠭ ᠰᠢᠮ᠎ᠡ ᠪᠠᠨ ᠳᠡᠯᠭᠡᠷᠡᠭᠦᠯᠵᠦ᠂ ᠮᠠᠯᠴᠢᠳ ᠤᠨ ᠣᠷᠣᠯᠭ᠎ᠠ ᠶᠢ ᠨᠡᠮᠡᠭᠳᠡᠬᠦᠯᠬᠦ ᠪᠠᠷ ᠴᠢᠷᠮᠠᠶᠢᠨ᠎ᠠ︾ ᠭᠡᠵᠦ ᠬᠤᠩᠭᠤᠷᠭᠤᠤᠯ ᠪᠠᠯᠭᠠᠰᠤᠨ ᠤ ᠰᠠᠷᠠᠭᠤᠯᠳᠤᠶᠠᠭ᠎ᠠ ᠭᠠᠴᠠᠭᠠᠨ ᠤ ᠨᠠᠮ ᠤᠨ ᠡᠭᠦᠷ ᠤᠨ ᠱᠦᠵᠢ ᠲᠡᠮᠦᠷᠬᠦᠦ ᠶᠠᠷᠢᠯ᠎ᠠ᠃      ︽ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠪᠣᠯᠤᠭᠰᠠᠨ ᠤ ᠬᠤᠪᠢ ᠳᠤ᠂ ᠥᠪᠡᠷ ᠤᠨ ᠡᠬᠦᠷᠬᠡ ᠬᠠᠷᠢᠭᠤᠴᠠᠯᠭ᠎ᠠ ᠪᠠᠨ ᠭᠦᠨᠵᠡᠭᠡᠢ ᠣᠶᠢᠯᠠᠭᠠᠵᠤ᠂ ᠢᠷᠡᠭᠡᠳᠦᠢ ᠳᠤ ᠲᠠᠯ᠎ᠠ ᠨᠤᠲᠤᠭ ᠤᠨ ᠮᠠᠯᠴᠢᠳ  ᠤᠨ ᠰᠡᠳᠬᠢᠯ ᠤᠨ ᠲᠠᠭᠤᠨ ᠢ ᠴᠢᠩᠨᠠᠵᠦ᠂ ᠨᠡᠩ ᠤᠯᠠᠨ ᠲᠦᠷᠦ ᠶᠢᠨ ᠪᠤᠳᠤᠯᠭ᠎ᠠ ᠶᠢᠨ ᠨᠠᠶᠢᠳᠠᠪᠤᠷᠢᠵᠢᠭᠤᠯᠤᠯᠳᠠ ᠶᠢ ᠠᠬᠢᠭᠤᠯᠤᠨ᠂ ᠲᠠᠯ᠎ᠠ ᠨᠤᠳᠤᠭ ᠤᠨ ᠠᠷᠠᠳ ᠤᠯᠠᠨ ᠢ ᠬᠠᠪᠰᠤᠷᠤᠨ ᠨᠡᠩ ᠴᠢᠨᠡᠭᠡᠯᠢᠭ ᠠᠮᠢᠳᠤᠷᠠᠯ ᠡᠳ᠋ᠯᠡᠬᠦᠯᠬᠦ ᠪᠠᠷ ᠴᠢᠷᠮᠠᠶᠢᠨ᠎ᠠ︾ ᠭᠡᠮᠡᠨ ᠲᠢᠩ · ᠪᠠᠭᠠᠳᠤᠷ ᠲᠠᠶᠢᠯᠤᠮᠵᠢ ᠪᠠᠨ ᠦᠨᠳᠦᠷᠯᠡᠬᠦᠯᠪᠠ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号