ᠡᠷᠡᠯᠬᠡᠭᠯᠡᠨ ᠲᠡᠮᠡᠴᠡᠵᠦ ᠲᠡᠷᠢᠭᠦᠨ ᠤ ᠬᠢ ᠪᠣᠯᠬᠤ ᠪᠠᠷ ᠴᠢᠷᠮᠠᠶᠢᠵᠤ ᠵᠠᠰᠠᠭ ᠠᠵᠤ ᠠᠬᠤᠶᠢᠯᠠᠯ ᠬᠤᠯᠪᠣᠭᠠᠯᠠᠵᠤ ᠬᠠᠮᠲᠤ ᠪᠠᠷ ︽ᠠᠪᠠᠭ᠎ᠠ ᠶᠢᠨ ᠬᠤᠷᠳᠤᠴᠠ︾ ᠶᠢ ᠲᠡᠮᠳᠡᠭᠯᠡᠨ᠎ᠡ
ᠨᠡᠶᠢᠲᠡᠯᠡᠭᠰᠡᠨ ᠴᠠᠭ᠄
2025/3/25
     ᠬᠠᠪᠤᠷ ᠤᠨ ᠬᠦᠢᠲᠡᠨ ᠥᠩᠭᠡᠷᠡᠭᠡ ᠦᠭᠡᠢ ᠪᠠᠶᠢᠬᠤ ᠳᠤ᠂ ᠰᠢᠯᠢ ᠶᠢᠨ ᠭᠤᠣᠯ ᠠᠶᠢᠮᠠᠭ ᠤᠨ ᠯᠦᠩ ᠰᠢᠩ ᠠᠭᠤᠷᠬᠠᠢ ᠶᠢᠨ ᠦᠢᠯᠡᠰ ᠤᠨ ᠦᠢᠯᠡᠳᠪᠦᠷᠢᠯᠡᠯ ᠤᠨ  ᠠᠵᠢᠯ ᠤᠨ ᠲᠠᠯᠠᠪᠠᠢ ᠨᠢᠭᠡᠨᠲᠡ ᠠᠵᠢᠯ ᠡᠬᠢᠯᠡᠭᠰᠡᠨ ᠪᠠᠶᠢᠯ᠎ᠠ᠃ ᠣᠶᠢᠷ᠎ᠠ ᠳᠤ᠂ ᠰᠤᠷᠪᠤᠯᠵᠢᠯᠠᠭᠴᠢ ᠡᠨᠡᠬᠦ ᠬᠠᠶᠢᠯᠤᠭᠤᠷ ᠵᠤᠩᠰᠢ ᠶᠢᠨ ᠠᠭᠤᠷᠬᠠᠢ ᠳᠤ ᠬᠦᠷᠬᠦ ᠳᠤ᠂  ᠪᠠᠷᠢᠮᠵᠢᠶᠠᠵᠢᠭᠰᠠᠨ ᠠᠭᠤᠷᠬᠠᠢ ᠶᠢᠨ ᠲᠤᠭᠤᠷᠢᠭ ᠤᠨ ᠵᠠᠮ ᠱᠤᠭᠤᠮ ᠵᠢᠭᠳᠡ ᠲᠡᠭᠰᠢ ᠰᠦᠯᠵᠢᠯᠳᠦᠨ᠂ ᠣᠶᠤᠨᠴᠢᠯᠠᠭᠰᠠᠨ ᠬᠦᠳᠡᠷ ᠰᠢᠯᠢᠬᠦ ᠲᠥᠬᠦᠭᠡᠷᠦᠮᠵᠢ ᠶᠠᠭᠠᠷᠠᠯᠲᠠᠢ ᠬᠥᠩᠭᠢᠨᠡᠯᠳᠦᠨ᠂ ᠲᠣᠬᠢᠷᠠᠭᠤᠯᠤᠨ ᠡᠵᠡᠮᠳᠡᠬᠦ ᠲᠠᠰᠤᠭ ᠤᠨ ᠡᠯᠧᠺᠲᠷᠣᠨ ᠲᠣᠮᠣ ᠳᠡᠯᠭᠡᠴᠡᠨ ᠳᠡᠭᠡᠷᠡᠬᠢ ᠲᠤᠭ᠎ᠠ ᠪᠠᠷᠢᠮᠲᠠ ᠶᠢᠨ ᠮᠤᠷᠤᠢ ᠱᠤᠭᠤᠮ ᠨᠢ ︽ᠣᠶᠤᠨᠴᠢ︾ ᠰᠢᠨ᠎ᠡ ᠵᠢᠷᠤᠭ ᠢ ᠪᠦᠳᠦᠭᠡᠵᠦ — ᠰᠢᠷ᠎ᠠ ᠥᠩᠭᠡ ᠶᠢᠨ ᠬᠤᠪᠴᠠᠰᠤ ᠡᠮᠦᠰᠦᠭᠰᠡᠨ ᠮᠡᠷᠭᠡᠵᠢᠯ ᠤᠨ ᠠᠵᠢᠯᠲᠠᠳ ᠡᠵᠡᠮᠳᠡᠭᠦᠷ ᠳᠡᠯᠭᠡᠴᠡ ᠶᠢ ᠬᠦᠩᠭᠡᠨ ᠳᠣᠶ᠋ᠢᠵᠤ  ᠠᠭᠤᠷᠬᠠᠢ ᠶᠢᠨ ᠬᠤᠳᠳᠤᠭ ᠲᠤᠳᠤᠷᠠᠬᠢ ᠠᠵᠢᠯ ᠤᠨ ᠪᠣᠳᠠᠲᠤ ᠪᠠᠶᠢᠳᠠᠯ ᠢ ᠭᠤᠷᠪᠠᠨ ᠬᠡᠮᠵᠢᠯᠲᠦ ᠦᠵᠡᠭᠳᠡᠬᠦ ᠰᠢᠰᠲ᠋ᠧᠮ ᠢᠶᠠᠷ  ᠳᠠᠮᠵᠢᠨ ᠲᠤᠳᠤᠬᠠᠨ ᠬᠠᠷᠠᠭᠤᠯᠵᠦ ᠴᠢᠳᠠᠳᠠᠭ᠃     ᠨᠢᠭᠡ ᠰᠠᠷ᠎ᠠ ᠤᠷᠢᠳᠴᠢᠯᠠᠨ ᠠᠵᠢᠯ ᠢᠶᠠᠨ ᠰᠡᠷᠭᠦᠭᠡᠵᠦ᠂ ᠦᠨᠳᠦᠷ ᠪᠠᠷᠢᠮᠵᠢᠶᠠᠨ ᠳᠤ ᠬᠦᠷᠬᠦ ᠪᠠᠷ ᠮᠡᠷᠡᠶᠢᠨ᠎ᠡ     ︽ᠡᠨᠡ ᠵᠢᠯ ᠤᠨ 1 ᠰᠠᠷ᠎ᠠ ᠶᠢᠨ 28 ᠤ ᠡᠳᠦᠷ ᠦᠨᠡᠯᠡᠨ ᠵᠢᠱᠢᠯᠲᠡ ᠬᠢᠵᠦ᠂ 2 ᠰᠠᠷ᠎ᠠ ᠶᠢᠨ 8 ᠤ ᠡᠳᠦᠷ ᠵᠢᠩᠬᠢᠨᠢ ᠪᠠᠷ ᠠᠵᠢᠯ ᠢᠶᠠᠨ ᠡᠬᠢᠯᠡᠵᠡᠢ᠃ ᠥᠨᠥ ᠵᠢᠯ  ᠨᠢᠳᠤᠨᠤᠨ ᠠᠴᠠ ᠨᠢᠭᠡ ᠰᠠᠷ᠎ᠠ ᠶᠢᠨ ᠡᠮᠦᠨ᠎ᠡ ᠠᠵᠢᠯ ᠢᠶᠠᠨ ᠡᠬᠢᠯᠠᠬᠦᠯᠵᠠᠢ︾ ᠭᠡᠵᠦ ᠯᠦᠩ ᠰᠢᠩ ᠠᠭᠤᠷᠬᠠᠶ ᠶᠢᠨ ᠦᠢᠯᠡᠰ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠶᠡᠷᠦᠩᠬᠡᠶ ᠳᠠᠭᠠᠭᠠᠮᠠᠯ ᠴᠧᠨ ᠵᠢᠩ ᠹᠠᠩ ᠶᠠᠭ  ᠲᠡᠭᠡᠭᠡᠪᠦᠷᠢ ᠶᠢᠨ ᠠᠵᠢᠯ ᠬᠢᠵᠦ ᠪᠠᠶᠢᠭ᠎ᠠ ᠬᠠᠶᠢᠯᠤᠭᠤᠷ ᠵᠣᠩᠰᠢ ᠶᠢᠨ ᠨᠠᠷᠢᠯᠢᠭ ᠨᠤᠨᠲᠠᠭ ᠲᠡᠭᠡᠭᠡᠪᠦᠷᠢᠯᠡᠬᠦ ᠲᠡᠷᠭᠡᠨ ᠠᠩᠭᠢ ᠶᠢ ᠵᠢᠭᠠᠵᠦ ᠲᠠᠨᠢᠯᠴᠠᠭᠤᠯᠤᠨ᠎ᠠ᠃ ᠡᠨᠡᠬᠦ ᠠᠵᠤ ᠠᠬᠤᠶᠢᠯᠠᠯ ᠣᠨ ᠤ ᠲᠤᠭᠲᠠᠭᠰᠠᠨ ᠬᠠᠷᠠᠯᠲᠠ ᠤᠷᠤᠭᠤ ᠪᠠᠨ ᠡᠷᠴᠢ ᠬᠦᠴᠦᠳᠠᠢ ᠲᠡᠮᠡᠤᠯᠵᠦ ᠪᠠᠶᠢᠨ᠎ᠠ᠂ ᠳᠡᠭᠡᠷ᠎ᠡ ᠬᠠᠭᠠᠰ ᠵᠢᠯ ᠤᠨ ᠦᠢᠯᠡᠳᠬᠦᠨ ᠤ ᠥᠷᠲᠡᠭ ᠨᠢ 3 ᠳ᠋ᠦᠩᠰᠢᠭᠤᠷ ᠲᠥᠭᠦᠷᠢᠭ ᠢ ᠳᠠᠪᠠᠭ᠋ᠤ ᠪᠣᠯᠤᠮᠵᠢ ᠲᠠᠢ᠃ ᠵᠢᠱᠢᠯᠲᠡ ᠪᠠᠷ  ᠲᠤᠰ ᠠᠵᠤ ᠠᠬᠤᠶᠢᠯᠠᠯ  ᠤᠨ 2025 ᠣᠨ ᠤ ᠬᠠᠳᠠᠭᠠᠯᠠᠭᠳᠠᠴᠠ ᠶᠢᠨ ᠬᠡᠮᠵᠢᠶ᠎ᠡ ᠨᠢ 7940 ᠲᠦᠮᠡᠨ ᠲᠣᠨ ᠢ ᠳᠠᠪᠠᠭ᠋ᠤ ᠪᠤᠯᠤᠯᠴᠠᠭ᠎ᠠ ᠲᠠᠢ᠂ ᠣᠳᠣᠬᠠᠨ ᠶᠠᠭ ᠮᠠᠰᠢᠨᠴᠢᠯᠠᠯᠲᠠ ᠪᠠᠷ ᠬᠦᠮᠦᠨ ᠢ ᠤᠷᠤᠯᠠᠭᠤᠯᠬᠤ᠂ ᠠᠦ᠋ᠲ᠋ᠣᠴᠢᠯᠠᠯᠲᠠ ᠪᠠᠷ ᠬᠥᠮᠦᠨ ᠬᠠᠰᠤᠬᠤ᠂ ᠤᠶᠤᠨᠴᠢᠯᠠᠯᠲᠠ ᠪᠠᠷ ᠬᠦᠮᠦᠨ ᠦᠭᠡᠢ ᠠᠵᠢᠯᠯᠠᠭᠤᠯᠬᠤ ᠪᠠᠷ ᠲᠠᠮᠵᠢᠨ ᠬᠡᠯᠪᠡᠷᠢ ᠪᠠᠨ ᠬᠤᠪᠢᠷᠠᠭᠤᠯᠤᠨ ᠲᠠᠰ  ᠳᠡᠪᠰᠢᠭᠦᠯᠵᠦ᠂ ︽ᠳᠡᠯᠡᠬᠡᠶ ᠶᠢᠨ ᠲᠡᠰ ᠤᠨ ᠬᠠᠶᠢᠯᠤᠭᠤᠷ ᠵᠣᠩᠰᠢ ᠶᠢᠨ ᠠᠵᠤ ᠦᠢᠯᠡᠰ ᠤᠨ ᠬᠡᠪ ᠳᠠᠭᠤᠷᠢᠶᠠᠯ︾ ᠪᠣᠯᠬᠤ ᠬᠠᠷᠠᠯᠲᠠ  ᠲᠡᠶᠢᠰᠢ ᠮᠡᠷᠡᠶᠢᠵᠦ ᠪᠠᠶᠢᠨ᠎ᠠ᠃     ᠠᠭᠤᠷᠬᠠᠢ ᠶᠢᠨ ᠵᠠᠮ ᠠᠵᠤ ᠠᠬᠤᠶᠢᠯᠠᠯ ᠪᠠ ᠠᠷᠠᠳ ᠤᠨ ᠠᠮᠢᠳᠤᠷᠠᠯ ᠤᠨ ᠬᠥᠭᠵᠢᠯᠲᠡ ᠶᠢ ᠬᠤᠯᠪᠤᠨ᠎ᠠ     ᠠᠵᠤ ᠦᠢᠯᠡᠰ ᠤᠨ ᠬᠥᠭᠵᠢᠯᠲᠡ ᠲᠡᠮᠳᠡᠭᠯᠡᠬᠦ ᠶᠢᠨ ᠵᠡᠷᠭᠡ᠂ ᠠᠵᠤ ᠠᠬᠤᠶᠢᠯᠠᠯ  ᠨᠢ ᠲᠠᠯ᠎ᠠ ᠨᠤᠲᠤᠭ ᠲᠤ ᠦᠨᠳᠦᠰᠦᠯᠡᠭᠰᠡᠨ ᠨᠠᠶᠢᠭᠡᠮ ᠤᠨ ᠬᠠᠷᠢᠭᠤᠴᠠᠯᠭ᠎ᠠ ᠪᠠᠨ ᠶᠡᠷᠦ ᠤᠮᠠᠷᠳᠠᠭ᠎ᠠ ᠦᠭᠡᠢ᠃ S312 ᠮᠤᠵᠢ ᠶᠢᠨ ᠲᠡᠰ ᠤᠨ  ᠵᠠᠮ ᠤᠨ ᠪᠠᠶᠠᠨᠲᠤᠭ ᠠᠴᠠ ᠵᠢᠷᠭᠠᠯᠠᠩᠲᠤ ᠬᠦᠷᠬᠦ ᠬᠡᠰᠡᠭ ᠲᠤ ᠬᠠᠶᠢᠷ ᠴᠢᠯᠠᠭᠤ ᠳᠦᠭᠦᠷᠲᠡᠯ᠎ᠡ ᠲᠡᠭᠡᠭᠡᠭᠰᠡᠨ ᠪᠠᠷᠢᠯᠭ᠎ᠠ ᠶᠢᠨ ᠮᠠᠰᠢᠨ ᠰᠦᠯᠵᠢᠯᠳᠦᠨ᠎ᠡ᠃ ᠮᠠᠯᠴᠢᠳ ᠤᠨ ᠲᠤᠰᠬᠠᠯ ᠴᠢᠩᠭ᠎ᠠ ᠪᠠᠶᠢᠭ᠎ᠠ ᠡᠪᠳᠡᠭᠳᠡᠭᠰᠡᠨ ᠵᠠᠮ ᠤᠨ ᠠᠰᠠᠭᠤᠳᠠᠯ ᠳᠤ ᠴᠢᠭᠯᠡᠬᠦᠯᠦᠨ᠂ ᠯᠦᠩ ᠰᠢᠩ ᠠᠭᠤᠷᠬᠠᠶ ᠶᠢᠨ ᠦᠢᠯᠡᠰ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠰᠠᠨᠠᠭᠠᠴᠢᠯᠠᠭ᠎ᠠ ᠠᠴᠠ ᠪᠠᠨ ᠨᠡᠶᠢᠭᠡᠮ ᠤᠨ ᠬᠠᠷᠢᠭᠤᠴᠠᠯᠭ᠎ᠠ ᠪᠠᠨ ᠬᠦᠢᠴᠡᠳᠭᠡᠵᠦ᠂ ᠲᠦᠮᠡᠨ ᠲᠣᠨ ᠤ ᠲᠡᠰ ᠤᠨ ᠵᠠᠮ ᠵᠠᠰᠠᠬᠤ ᠮᠠᠲ᠋ᠧᠷᠢᠶᠠᠯ ᠢ ᠦᠨ᠎ᠡ ᠲᠥᠯᠥᠪᠦᠷᠢ ᠥᠬᠡᠶ ᠪᠠᠷ ᠬᠠᠩᠭᠠᠵᠤ᠂ ᠲᠤᠰᠬᠠᠶ ᠮᠡᠷᠭᠡᠵᠢᠯ ᠤᠨ ᠠᠵᠢᠯᠲᠠᠳ ᠢ ᠵᠣᠬᠢᠶᠠᠨ ᠪᠠᠶᠢᠭᠤᠯᠵᠤ ᠵᠠᠮ ᠢ ᠠᠷᠠᠴᠢᠯᠠᠨ ᠬᠠᠮᠠᠭᠠᠯᠠᠬᠤ ᠠᠵᠢᠯᠯᠠᠭ᠎ᠠ ᠥᠷᠨᠢᠭᠦᠯᠪᠡ᠃ ︽ᠡᠨᠡ ᠬᠦ ᠵᠠᠮ ᠨᠢ ᠠᠭᠤᠷᠬᠠᠶ ᠶᠢᠨ ᠪᠦᠲᠦᠭᠡᠭᠳᠡᠬᠦᠨ ᠢ ᠭᠠᠳᠠᠭᠰᠢ ᠭᠠᠷᠭᠠᠬᠤ ᠶᠢᠨ ᠵᠡᠷᠭᠡᠪᠡᠷ ᠮᠠᠯᠴᠢᠳ ᠤᠨ ᠠᠮᠢᠳᠤᠷᠠᠯ ᠳᠤ ᠲᠦᠬᠦᠮ ᠦᠵᠡᠬᠦᠯᠦᠨ᠎ᠡ︾ ᠭᠡᠵᠦ ᠴᠧᠨ ᠵᠢᠩ ᠹᠠᠩ ᠶᠠᠷᠢᠨ᠎ᠠ᠃     ᠵᠠᠰᠠᠭ ᠠᠵᠤ ᠠᠬᠤᠶᠢᠯᠠᠯ ᠬᠠᠮᠲᠤᠷᠠᠯᠴᠠᠵᠤ᠂ ︽ᠠᠪᠠᠭ᠎ᠠ︾ ᠶᠢᠨ ᠬᠤᠷᠳᠤᠴᠠ ᠶᠢ  ᠦᠵᠡᠬᠦᠯᠦᠨ᠎ᠡ     ᠠᠭᠤᠷᠬᠠᠢ ᠶᠢᠨ ᠠᠵᠤ ᠠᠬᠤᠶᠢᠯᠠᠯ ᠠᠵᠢᠯ ᠦᠢᠯᠡᠳᠪᠦᠷᠢᠯᠡᠯ ᠢᠶᠠᠨ ᠰᠡᠷᠭᠦᠭᠡᠭᠰᠡᠨ ᠬᠤᠷᠳᠤᠴᠠ ᠨᠢ ᠥᠪᠥᠷ ᠮᠣᠩᠭᠤᠯ ᠤᠨ ︽ᠵᠢᠷᠭᠤᠭᠠᠨ ᠲᠤᠰᠬᠠᠢ ᠠᠵᠢᠯᠯᠠᠭ᠎ᠠ︾ ᠶᠢ ᠥᠨᠳᠥᠷ ᠪᠦᠲᠦᠮᠵᠢᠲᠡᠢ ᠨᠠᠶᠢᠳᠠᠪᠤᠷᠢᠵᠢᠭᠤᠯᠵᠤ᠂ ᠢᠯᠡᠳᠲᠡ ᠦᠷ᠎ᠡ ᠪᠦᠲᠦᠮᠵᠢ ᠤᠯᠤᠭᠰᠠᠨ ᠤ ᠠᠮᠢᠳᠤᠯᠢᠭ ᠵᠢᠷᠤᠭᠯᠠᠯ ᠪᠤᠯᠤᠨ᠎ᠠ᠃ ᠠᠪᠠᠭ᠎ᠠ ᠬᠤᠰᠢᠭᠤᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠶᠢᠨ ᠳᠠᠷᠤᠭ᠎ᠠ ᠰᠤᠳᠤᠯᠬᠤ ᠶᠢᠨ ᠲᠠᠨᠢᠯᠴᠠᠭᠤᠯᠤᠭᠰᠠᠨ  ᠢᠶᠠᠷ᠂ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠬᠢᠨ ᠦᠢᠯᠡᠴᠢᠯᠡᠭᠡᠨ ᠤ ᠲᠣᠭᠲᠠᠴᠠ ᠶᠢᠨ ᠰᠢᠨ᠎ᠡ ᠶᠢ ᠡᠭᠦᠳᠬᠦ᠂ ᠬᠢᠨᠠᠨ ᠵᠥᠪᠰᠢᠶᠡᠷᠡᠬᠦ  ᠶᠠᠪᠤᠴᠠ ᠶᠢ  ᠰᠢᠯᠢᠳᠡᠭᠵᠢᠭᠦᠯᠬᠦ ᠪᠠᠷ ᠳᠠᠮᠵᠢᠭᠤᠯᠤᠨ᠂ ᠠᠭᠤᠷᠬᠠᠶ ᠶᠢᠨ ᠠᠵᠤ ᠠᠬᠤᠶᠢᠯᠠᠯ ᠤᠨ ᠬᠥᠭᠵᠢᠯᠲᠡ ᠳᠤ ᠪᠥᠬᠦ ᠲᠠᠯ᠎ᠠ ᠶᠢᠨ ᠳᠡᠮᠵᠢᠯᠭᠡ ᠪᠠ ᠪᠠᠲᠤᠯᠠᠭ᠎ᠠ ᠬᠠᠩᠭᠠᠪᠠ᠃ ᠠᠯᠢ ᠣᠯᠠᠨ ᠠᠷᠭ᠎ᠠ ᠬᠡᠮᠵᠢᠶ᠎ᠡ ᠠᠪᠴᠤ ᠣᠨᠢᠨ ᠳᠡᠭᠡᠷ᠎ᠡ ᠨᠢ ᠬᠦᠴᠦᠯᠡᠵᠦ᠂ ᠠᠵᠤ ᠠᠬᠤᠶᠢᠯᠠᠯ ᠤᠨ ᠬᠥᠭᠵᠢᠯᠲᠡ ᠶᠢᠨ ᠶᠠᠪᠤᠴᠠ ᠳᠤ ᠲᠤᠯᠭᠠᠷᠠᠭᠰᠠᠨ ᠬᠦᠴᠢᠷ ᠠᠰᠠᠭᠤᠳᠠᠯ ᠢ ᠪᠦᠲᠦᠮᠵᠢᠲᠡᠶ ᠰᠢᠢᠳᠪᠤᠷᠢᠯᠡᠨ᠂ ᠠᠭᠤᠷᠬᠠᠶ ᠶᠢᠨ ᠠᠵᠤ ᠠᠬᠤᠶᠢᠯᠠᠯ ᠤᠨ ᠬᠡᠯᠪᠡᠷᠢ ᠪᠠᠨ ᠬᠤᠪᠢᠷᠠᠭᠤᠯᠤᠨ ᠲᠠᠰ ᠲᠡᠪᠰᠢᠬᠦ ᠵᠠᠮ ᠲᠡᠭᠡᠷᠡᠬᠢ ︽ᠰᠢᠨ᠎ᠡ ᠬᠤᠷᠳᠤᠴᠠ︾ ᠶᠢ  ᠲᠡᠮᠳᠡᠭᠯᠡᠬᠦ ᠳᠤ ᠬᠦᠴᠦᠨ ᠨᠡᠮᠡᠷᠢᠯᠡᠪᠡ᠃     ᠣᠶᠢᠯᠠᠭᠠᠭᠰᠠᠨ ᠢᠶᠠᠷ᠂ ᠠᠪᠠᠭ᠎ᠠ ᠬᠤᠰᠢᠭᠤ ᠨᠢ ᠵᠠᠰᠠᠭ ᠠᠵᠤ ᠠᠬᠤᠶᠢᠯᠠᠯ ᠬᠠᠮᠵᠢᠯᠴᠠᠭᠰᠠᠨ ᠰᠢᠨ᠎ᠡ ᠲᠣᠭᠲᠠᠴᠠ ᠪᠠᠷ ᠠᠵᠤ ᠦᠢᠯᠡᠳᠪᠦᠷᠢ ᠶᠢᠨ ᠬᠥᠳᠡᠯᠭᠡᠬᠦ ᠬᠦᠴᠦᠨ ᠢ ᠬᠥᠭᠵᠢᠭᠡᠵᠦ᠂ 2023 ᠣᠨ ᠠᠴᠠ ᠣᠲᠣ ᠪᠣᠯᠲᠠᠯ᠎ᠠ᠂ ᠨᠢᠭᠡᠨᠲᠡ ᠬᠠᠮᠢᠶ᠎ᠠ ᠪᠥᠬᠦᠶ ᠠᠵᠤ ᠠᠬᠤᠶᠢᠯᠠᠯ ᠳᠤ ᠭᠠᠷᠳᠠᠮ ᠭᠦᠢᠴᠡᠳᠬᠡᠬᠦ᠂ ᠲᠥᠷᠥᠯ ᠵᠦᠢᠯ ᠭᠤᠶᠤᠴᠢᠯᠠᠨ ᠮᠡᠳᠡᠭᠦᠯᠬᠦ ᠵᠡᠷᠭᠡ ᠵᠠᠭᠤ ᠭᠠᠷᠤᠶ ᠬᠦᠴᠢᠷ ᠠᠰᠠᠭᠤᠳᠠᠯ ᠢ ᠵᠣᠬᠢᠴᠠᠭᠤᠯᠤᠨ  ᠰᠢᠢᠳᠪᠦᠷᠢᠯᠡᠵᠦ᠂ 2024 ᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠦᠢᠯᠡᠳᠬᠦᠨ ᠤ ᠥᠷᠲᠡᠭ‌ᠠᠳᠠᠯᠢ ᠬᠤᠭᠤᠴᠠᠭᠠᠨ ᠤ ᠬᠢ ᠠᠴᠠ 40.35 % ᠪᠠᠷ ᠨᠡᠮᠡᠭᠳᠡᠪᠡ᠃     ᠤᠷᠢᠬᠠᠨ ᠬᠠᠪᠤᠷ ᠰᠠᠭᠠᠲᠠᠭᠰᠠᠨ ᠤᠮᠠᠷᠠᠲᠤ ᠬᠢᠯᠢ ᠳᠤ᠂ ᠠᠵᠢᠯ ᠦᠢᠯᠡᠳᠪᠦᠷᠢᠯᠡᠯ ᠢᠶᠠᠨ ᠰᠡᠷᠭᠦᠭᠡᠬᠦ ᠪᠦᠷᠢᠶ᠎ᠡ ᠶᠢᠨ ᠳᠠᠭᠤᠨ ᠪᠣᠯᠤᠨ ᠮᠠᠰᠢᠨ ᠮᠧᠬᠠᠨᠢᠭ ᠤᠨ ᠬᠦᠩᠭᠢᠨᠡᠮ᠎ᠡ ᠲᠠᠭᠤᠨ  ᠬᠠᠮᠳᠤᠪᠡᠷ ᠴᠢᠨᠠᠷ ᠰᠠᠶᠢᠲᠠᠢ ᠬᠥᠭᠵᠢᠯᠲᠡ ᠶᠢᠨ ᠬᠦᠭ ᠠᠶᠠᠰ  ᠢ  ᠴᠤᠤᠷᠢᠶᠠᠳᠤᠭᠤᠯᠤᠨ᠎ᠠ᠃ ᠤᠶᠤᠨᠴᠢᠯᠠᠭᠰᠠᠨ ᠠᠭᠤᠷᠬᠠᠢ ᠨᠢ ᠬᠠᠷᠢᠭᠤᠴᠠᠯᠭ᠎ᠠ ᠪᠠᠨ ᠦᠨᠳᠦᠷᠵᠢᠬᠦᠯᠬᠦ ᠳᠤ᠂ ᠠᠵᠤ ᠦᠢᠯᠡᠰ ᠤᠨ ᠳᠡᠰ ᠲᠡᠪᠰᠢᠯᠳᠡ ᠪᠠ ᠠᠷᠠᠳ ᠤᠨ ᠠᠮᠢᠳᠤᠷᠠᠯ ᠤᠨ ᠰᠠᠶᠢᠵᠢᠷᠠᠯᠳᠠ ᠶᠢ ᠬᠠᠮᠳᠤᠪᠠᠷ ᠠᠬᠢᠭᠤᠯᠤᠭᠰᠠᠨ ᠲᠠᠯ᠎ᠠ ᠨᠤᠲᠤᠭ ᠤᠨ ᠰᠢᠨ᠎ᠡ ᠵᠢᠷᠤᠭᠯᠠᠯ ᠠᠭᠠᠵᠢᠮ ᠢᠶᠠᠷ ᠪᠢᠴᠢᠭᠯᠡᠭᠳᠡᠵᠦ ᠪᠠᠶᠢᠨ᠎ᠠ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号