ᠠᠪᠠᠭ᠎ᠠ ᠬᠤᠰᠢᠭᠤᠨ  ᠤ  ᠲᠡᠯᠡᠭᠡᠢ  ᠶᠢᠨ ᠢᠷᠠᠭᠤ ᠨᠠᠶᠢᠷᠠᠭ  ᠤᠨ ᠡᠳᠦᠷ  ᠢ ᠪᠡᠯᠭᠡᠯᠡᠬᠦ ᠰᠤᠶᠤᠯ ᠤᠷᠠᠯᠢᠭ  ᠤᠨ ᠰᠢᠷᠢᠰ ᠠᠵᠢᠯᠯᠠᠭ᠎ᠠ ᠤᠳᠬ᠎ᠠ ᠲᠡᠬᠦᠯᠳᠡᠷ ᠶᠠᠪᠤᠭᠳᠠᠯ᠎ᠠ
ᠨᠡᠶᠢᠲᠡᠯᠡᠭᠰᠡᠨ ᠴᠠᠭ᠄
2025/3/25
     3 ᠰᠠᠷ᠎ᠠ ᠶᠢᠨ 21 ᠪᠤᠯ ᠳᠡᠯᠡᠭᠡᠢ ᠶᠢᠨ ᠢᠷᠠᠭᠤ ᠨᠠᠶᠢᠷᠠᠭ ᠤᠨ ᠡᠳᠦᠷ ᠪᠤᠯᠤᠨ᠎ᠠ᠃ ᠡᠨᠡ ᠡᠳᠦᠷ ᠠᠪᠠᠭ᠎ᠠ ᠨᠤᠲᠤᠭ ᠲᠤ ᠨᠠᠶᠢᠷᠠᠭ ᠤᠨ ᠬᠤᠷ᠎ᠠ ᠱᠠᠬᠢᠵᠦ᠂ ᠢᠷᠠᠭᠤ ᠨᠠᠶᠢᠷᠠᠭ ᠤᠨ ᠭᠠᠶᠢᠬᠠᠮᠰᠢᠭ ᠲᠤ ᠰᠢᠳᠦᠨ ᠪᠢᠰᠢᠷᠡᠭᠰᠡᠨ ᠪᠦᠬᠦ ᠤᠷᠤᠨ ᠤ ᠢᠷᠠᠭᠤ ᠨᠠᠶᠢᠷᠠᠭᠴᠢᠳ ᠠᠪᠠᠭ᠎ᠠ ᠬᠤᠰᠢᠭᠤᠨ  ᠤ ᠤᠯᠠᠭᠠᠠᠮᠦ᠋ᠴᠢᠷ  ᠤᠨ ᠲᠤᠭᠯᠠᠯᠳᠠ  ᠶᠢᠨ ᠲᠢᠩᠬᠢᠮ  ᠳᠤ ᠬᠤᠷᠠᠨ ᠴᠤᠭᠯᠠᠷᠠᠵᠦ᠂ ᠲᠡᠯᠡᠭᠡᠢ  ᠶᠢᠨ ᠢᠷᠠᠭᠤ ᠨᠠᠶᠢᠷᠠᠭ  ᠤᠨ ᠡᠳᠦᠷ  ᠢ ᠪᠡᠯᠭᠡᠯᠡᠬᠦ ᠰᠤᠶᠤᠯ ᠤᠷᠠᠯᠢᠭ  ᠤᠨ ᠰᠢᠷᠢᠰ ᠠᠵᠢᠯᠯᠠᠭ᠎ᠠ ᠤᠳᠬ᠎ᠠ ᠲᠡᠬᠦᠯᠳᠡᠷ ᠶᠠᠪᠤᠭᠳᠠᠯ᠎ᠠ᠃      ᠰᠢᠯᠢ ᠶᠢᠨ ᠭᠤᠤᠯ ᠠᠶᠢᠮᠠᠭ ᠤᠨ ᠡᠯ᠎ᠡ ᠬᠤᠰᠢᠭᠤ ᠰᠢᠶᠠᠨ ᠤ ᠤᠷᠤᠯᠴᠠᠭᠴᠢ ᠠᠴᠠ ᠭᠠᠳᠠᠨ᠎ᠠ ᠤᠯᠠᠭᠠᠨᠬᠠᠳᠠ᠂ ᠲᠦᠩᠯᠢᠶᠤᠤ᠂ ᠤᠯᠠᠭᠠᠨᠬᠤᠳᠠ᠂ ᠪᠤᠭᠤᠳᠦ ᠬᠤᠳᠠ ᠵᠡᠷᠭᠡ ᠨᠤᠲᠤᠭ ᠤᠷᠤᠨ ᠤ ᠤᠷᠤᠯᠴᠠᠭᠴᠢᠳ ᠦᠨᠦᠳᠦᠷ  ᠤᠨ ᠠᠵᠢᠯᠯᠠᠭ᠎ᠠ  ᠳᠤ ᠰᠠᠭᠠᠳᠠᠵᠦ᠂ ᠪᠦᠬᠦᠳᠡ ᠭᠠᠵᠠᠷ ᠭᠠᠵᠠᠷ ᠨᠤᠲᠤᠭ ᠨᠤᠲᠤᠭ ᠤᠨ ᠬᠤᠪᠴᠠᠰᠦ ᠵᠠᠰᠠᠯ ᠢᠶᠠᠷ ᠢᠶᠠᠨ ᠭᠤᠶᠤᠯᠠᠨ ᠲᠠᠯᠠᠪᠠᠢ ᠶᠢ ᠴᠢᠮᠡᠨ᠎ᠡ᠃ ︽ᠤᠮᠠᠷᠠᠳᠦ ᠶᠢᠨ ᠰᠤᠶᠤᠯ ᠢ ᠪᠠᠳᠠᠷᠠᠭᠤᠯᠤᠨ᠂ ᠳᠤᠮᠳᠠᠳᠦ ᠶᠢᠨ ᠦᠨᠳᠦᠰᠦᠳᠡᠨ  ᠤ ᠬᠠᠮᠳᠤ ᠶᠢᠨ ᠴᠤᠭᠴᠠ ᠶᠢᠨ ᠤᠬᠠᠮᠰᠠᠷ ᠢ ᠪᠠᠳᠤᠳᠬᠠᠵᠦ᠂ ᠡᠯ᠎ᠡ ᠦᠨᠳᠦᠰᠦᠳᠡᠨ ᠨᠢᠭᠡᠨ ᠭᠡᠷ ᠪᠦᠯᠢ ᠮᠡᠳᠦ ᠬᠠᠯᠠᠭᠤᠨ ᠳᠤᠳᠤᠨᠤ︾ ᠬᠡᠬᠦ ᠭᠤᠤᠯ ᠰᠡᠳᠦᠪᠳᠦ ᠲᠡᠯᠡᠭᠡᠢ  ᠶᠢᠨ ᠢᠷᠠᠭᠤ ᠨᠠᠶᠢᠷᠠᠭ  ᠤᠨ ᠡᠳᠦᠷ  ᠢ ᠪᠡᠯᠭᠡᠯᠡᠬᠦ ᠰᠤᠶᠤᠯ ᠤᠷᠠᠯᠢᠭ  ᠤᠨ ᠰᠢᠷᠢᠰ ᠠᠵᠢᠯᠯᠠᠭ᠎ᠠ ᠨᠢ ᠠᠪᠠᠭ᠎ᠠ ᠤᠯᠠᠭᠠᠨᠮᠦ᠋ᠴᠢᠷ ᠤᠨ ᠲᠤᠭᠯᠠᠭᠴᠢᠳ ᠤᠨ ᠭᠤᠴᠦ ᠰᠠᠶᠢᠬᠠᠨ ᠲᠤᠭᠯᠠᠯᠳᠠ ᠪᠠᠷ ᠬᠦᠰᠢᠭᠡ ᠪᠠᠨ ᠰᠡᠬᠦᠵᠦ᠂ ︽ᠠᠪᠠᠭ᠎ᠠ ᠤᠶᠠᠩᠭ᠎ᠠ︾ ᠪᠦᠬᠦ ᠤᠷᠤᠨ ᠤ ᠦᠬᠦᠯᠡᠯᠭᠡ᠂ ᠨᠠᠶᠢᠷᠠᠭᠤᠯᠤᠯ᠂ ᠰᠢᠯᠦᠭ ᠤᠨ ᠤᠷᠤᠯᠳᠤᠭᠠᠨ ᠤ ᠱᠠᠩᠨᠠᠯ ᠤᠯᠭᠤᠬᠤ ᠠᠵᠢᠯᠯᠠᠭ᠎ᠠ  ᠂ ︽ᠠᠪᠠᠭ᠎ᠠ ᠤᠶᠠᠩᠭ᠎ᠠ︾ ᠢᠷᠠᠭᠤ ᠨᠠᠶᠢᠷᠠᠭ ᠤᠨ ᠰᠢᠢᠳᠪᠤᠷᠢᠳᠦ ᠤᠷᠤᠯᠳᠤᠭᠠᠨ ᠪᠠ ᠪᠡᠯᠡᠨ ᠰᠢᠯᠦᠭ ᠪᠢᠴᠢᠬᠦ ᠤᠷᠤᠯᠳᠤᠭᠠᠨ ᠢᠶᠠᠷ ᠶᠠᠪᠤᠭᠳᠠᠭᠰᠠᠨ  ᠢᠶᠠᠷ ᠪᠠᠷᠠᠬᠤ ᠦᠭᠡᠢ᠂ ᠱᠠᠭ᠎ᠠ ᠶᠢᠨ ᠤᠷᠤᠯᠳᠤᠭᠠᠨ ᠵᠡᠷᠭᠡ ᠨᠢ ᠠᠵᠢᠯᠯᠠᠭ᠎ᠠ  ᠳᠤ ᠬᠦᠭ ᠨᠡᠮᠡᠭᠰᠡᠨ ᠪᠠᠶᠢᠨ᠎ᠠ᠃      ᠠᠪᠠᠭ᠎ᠠ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠤᠬᠠᠭᠤᠯᠬᠤ ᠬᠡᠯᠳᠡᠰ ᠤᠨ ᠳᠠᠷᠤᠭ᠎ᠠ ᠭᠠᠩᠴᠤᠭᠳᠤ᠂ ᠬᠤᠰᠢᠭᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠳᠡᠳ᠋ ᠡᠷᠬᠢᠯᠡᠭᠴᠢ ᠡᠷᠬᠢᠮᠳᠦ᠂ ᠬᠤᠰᠢᠭᠤ ᠤᠯᠤᠰ ᠲᠦᠷᠦ ᠶᠢᠨ ᠵᠦᠪᠯᠡᠯᠭᠡᠨ ᠤ ᠳᠡᠳ᠋ ᠲᠡᠷᠢᠬᠦᠯᠡᠭᠴᠢ ᠰᠡᠴᠡᠨᠳᠤᠶᠠᠭ᠎ᠠ᠂ ᠬᠤᠰᠢᠭᠤ ᠰᠤᠶᠤᠯ ᠳᠠᠮᠢᠷ ᠵᠢᠭᠤᠯᠴᠢᠯᠠᠯ ᠷᠠᠳᠢᠤ᠋ ᠲᠧᠯᠸᠢᠰ ᠲᠤᠪᠴᠢᠶᠠᠨ ᠤ  ᠬᠠᠷᠢᠭᠤᠴᠠᠯᠭᠠᠳᠠᠨ᠂ ᠰᠦᠨᠢᠳ ᠪᠠᠷᠠᠭᠤᠨ ᠬᠤᠰᠢᠭᠤᠨ ᠤ ᠤᠳᠬ᠎ᠠ ᠤᠷᠠᠯᠢᠭ ᠤᠨ ᠬᠢᠨ ᠬᠤᠯᠪᠤᠭ᠎ᠠ᠂ ᠠᠪᠠᠭ᠎ᠠ ᠬᠤᠰᠢᠭᠤᠨ ᠤ ᠤᠳᠬ᠎ᠠ ᠤᠷᠠᠯᠢᠭ ᠤᠨ ᠬᠢᠨ ᠤ ᠬᠤᠯᠪᠤᠭᠠᠨ ᠤ ᠬᠠᠷᠢᠭᠤᠴᠠᠯᠭᠠᠳᠠᠨ ᠨᠠᠷ ᠠᠬᠤᠢ ᠳᠠᠯᠠᠪᠠᠢ ᠳᠤ ᠰᠠᠭᠠᠳᠠᠯ᠎ᠠ  ᠃      ᠡᠨᠡ ᠤᠳᠠᠭᠠᠨ ᠤ ᠠᠵᠢᠯᠯᠠᠭ᠎ᠠ ᠪᠤᠯ ᠮᠠᠨ ᠤ ᠬᠤᠰᠢᠭᠤᠨ ᠤ ︽ᠠᠵᠠ ᠬᠡᠶᠢᠮᠦᠷᠢᠳᠦ ᠠᠪᠠᠭ᠎ᠠ ᠬᠤᠰᠢᠭᠤ︾ ᠰᠤᠶᠤᠯ ᠤᠷᠠᠯᠢᠭ ᠤᠨ ᠰᠢᠷᠢᠰ ᠠᠵᠢᠯᠯᠠᠭᠠᠨ ᠤ ᠨᠢᠭᠡ ᠪᠠᠶᠢᠵᠦ᠂ 2024 ᠤᠨ ᠤ 5 ᠰᠠᠷ᠎ᠠ ᠠᠴᠠ  ᠪᠦᠬᠦ ᠤᠷᠤᠨ  ᠤ ᠬᠡᠪᠴᠢᠶᠡᠨ ᠳᠤ  ︽ᠠᠪᠠᠭ᠎ᠠ ᠤᠶᠠᠩᠭ᠎ᠠ︾  ᠤᠷᠤᠯᠳᠤᠭᠠᠨ ᠤ ᠪᠠᠨ ᠦᠬᠦᠯᠡᠯᠭᠡ ᠨᠠᠶᠢᠷᠠᠭᠤᠯᠤᠯ ᠰᠢᠯᠦᠭ ᠤᠨ ᠪᠦᠲᠦᠭᠡᠯ ᠡᠯᠰᠡᠵᠦ ᠡᠬᠢᠯᠡᠭᠰᠡᠨ ᠶᠤᠮ ᠪᠠᠶᠢᠨ᠎ᠠ᠃ ᠡᠶᠢᠨᠬᠦ ᠦᠪᠡᠷ ᠤᠨ ᠰᠢᠯᠦᠭ ᠨᠠᠶᠢᠷᠠᠭ ᠢᠶᠠᠷ ᠢᠶᠠᠨ ︽ᠠᠪᠠᠭ᠎ᠠ ᠤᠶᠠᠩᠭ᠎ᠠ︾ ᠢᠷᠠᠭᠤ ᠨᠠᠶᠢᠷᠠᠭ ᠤᠨ ᠤᠷᠤᠯᠳᠤᠭᠠᠨ ᠳᠤ ᠤᠷᠤᠯᠴᠠᠭᠰᠠᠨ ᠵᠠᠭᠤ ᠠᠷᠪᠠᠭᠠᠳ ᠪᠦᠲᠦᠭᠡᠯ ᠠᠴᠠ ᠰᠢᠯᠭᠠᠷᠠᠭᠰᠠᠨ ᠰᠢᠯᠢᠳᠡᠭ 16 ᠤᠷᠤᠯᠴᠠᠭᠴᠢ ᠦᠨᠦᠳᠦᠷ ᠤᠨ ᠠᠬᠤᠢ ᠲᠠᠯᠠᠪᠠᠢ ᠳᠤ ᠪᠦᠲᠦᠭᠡᠯ ᠢᠶᠠᠨ ᠤᠶᠠᠩᠭᠠᠯᠵᠦ ᠤᠷᠤᠯᠳᠤᠭᠰᠠᠨ ᠪᠠ ᠠᠬᠤᠢ ᠲᠠᠯᠠᠪᠠᠢ ᠳᠠᠬᠢ ᠬᠦᠮᠦᠰ ᠤᠨ ᠳᠤᠮᠳᠠ ᠠᠴᠠ 32 ᠤᠷᠤᠯᠴᠠᠭᠴᠢ ᠦᠭᠭᠦᠭᠳᠡᠭᠰᠡᠨ ᠰᠡᠳᠦᠪ ᠢᠶᠠᠷ ᠲᠠᠪᠤᠨ ᠮᠢᠨᠦ᠋ᠲ ᠤᠨ ᠳᠤᠳᠤᠷ᠎ᠠ ᠪᠡᠯᠡᠨ ᠰᠢᠯᠦᠭ ᠪᠢᠴᠢᠵᠦ ᠤᠷᠤᠯᠳᠤᠭᠰᠠᠨ ᠨᠢ ᠡᠨᠡ ᠪᠠᠶᠢᠵᠠᠢ᠃      ᠨᠢᠭᠡ ᠡᠳᠦᠷ ᠤᠨ ᠤᠷᠤᠯᠳᠤᠭᠠᠨ ᠢᠶᠠᠷ ᠳᠠᠮᠵᠢᠨ ︽ᠠᠪᠠᠭ᠎ᠠ ᠤᠶᠠᠩᠭ᠎ᠠ︾ ᠢᠷᠠᠭᠤ ᠨᠠᠶᠢᠷᠠᠭ ᠤᠨ ᠤᠷᠤᠯᠳᠤᠭᠠᠨ ᠳᠤ ᠪᠠᠭᠠᠷᠢᠨ ᠪᠠᠷᠠᠭᠤᠨ ᠬᠤᠰᠢᠭᠤᠨ ᠤ ᠮᠦᠩᠭᠡᠨᠠᠷᠠᠰᠦ ᠲᠡᠷᠢᠬᠦᠯᠡᠵᠦ᠂  ᠠᠬᠤᠢ ᠳᠠᠯᠠᠪᠠᠢ ᠳᠤ ᠪᠡᠯᠡᠨ ᠰᠢᠯᠦᠭ ᠪᠢᠴᠢᠬᠦ ᠤᠷᠤᠯᠳᠤᠭᠠᠨ ᠤ ᠲᠡᠷᠢᠬᠦᠨ ᠳᠤ ᠬᠡᠰᠢᠭᠳᠡᠨ ᠬᠤᠰᠢᠭᠤᠨ ᠤ ᠮᠡᠷᠭᠡᠵᠢᠬᠦ  ᠳᠤᠳᠤᠷᠠᠪᠠ᠃      — ᠦᠨᠦᠳᠦᠷ  ᠤᠨ ᠤᠷᠤᠯᠳᠤᠭᠠᠨ  ᠳᠤ ︽ᠠᠪᠠᠭ᠎ᠠ ᠶᠢᠨ ᠪᠤᠯᠵᠤᠭ᠎ᠠ︾ ᠬᠡᠮᠡᠬᠦ ᠢᠷᠠᠭᠤ ᠨᠠᠶᠢᠷᠠᠭ ᠢᠶᠠᠷ  ᠢᠶᠠᠨ ᠤᠷᠤᠯᠴᠠᠭᠠᠳ ᠰᠡᠳᠬᠢᠯ ᠮᠠᠰᠢ ᠦᠨᠳᠦᠷ ᠪᠠᠶᠢᠨ᠎ᠠ᠃ ᠠᠪᠠᠭ᠎ᠠ ᠨᠤᠲᠤᠭ ᠤᠨ ᠡᠨᠡ ᠤᠷᠤᠯᠳᠤᠭᠠᠨ  ᠳᠤ ᠭᠠᠵᠠᠷ ᠭᠠᠵᠠᠷ ᠤᠨ ᠰᠢᠯᠢᠳᠡᠭ ᠢᠷᠠᠭᠤ ᠨᠠᠶᠢᠷᠠᠭᠴᠢᠳ ᠤᠷᠤᠯᠴᠠᠵᠦ ᠪᠠᠶᠢᠭ᠎ᠠ᠂  ᠬᠡᠬᠦ ᠳᠤ ᠪᠠᠨ ᠤᠷᠤᠯᠳᠤᠭᠠᠨ  ᠤ ᠦᠷ᠎ᠠ ᠳ᠋ᠦᠩ ᠴᠢᠬᠤᠯᠠ ᠪᠢᠰᠢ᠂ ᠬᠠᠷᠢᠨ ᠡᠶᠢᠮᠦ ᠰᠠᠶᠢᠬᠠᠨ ᠬᠦᠮᠦᠰ ᠲᠠᠢ ᠬᠠᠮᠲᠤ ᠪᠠᠶᠢᠯᠴᠠᠭᠰᠠᠨ ᠳᠤ ᠪᠠᠨ ᠮᠠᠰᠢ ᠪᠠᠶᠠᠷᠳᠠᠢ ᠪᠠᠶᠢᠨ᠎ᠠ ᠬᠡᠵᠦ ᠬᠡᠰᠢᠭᠳᠡᠨ ᠨᠤᠲᠤᠭ ᠲᠠᠢ ᠢᠷᠠᠭᠤ ᠨᠠᠶᠢᠷᠠᠭᠴᠢ ᠮᠡᠷᠭᠡᠵᠢᠬᠦ ᠰᠡᠳᠬᠢᠭᠳᠡᠯ ᠢᠶᠠᠨ ᠬᠤᠪᠢᠶᠠᠯᠴᠠᠨ᠎ᠠ᠃      — ᠠᠪᠠᠭ᠎ᠠ ᠬᠤᠰᠢᠭᠤᠨ ᠳᠤ ᠠᠩᠬ᠎ᠠ ᠤᠳᠠᠭ᠎ᠠ ᠪᠠᠨ ᠢᠷᠡᠬᠦ ᠳᠤ ᠪᠠᠨ ᠡᠶᠢᠮᠦ ᠰᠠᠶᠢᠬᠠᠨ ᠤᠳᠬ᠎ᠠ ᠠᠭᠤᠯᠭ᠎ᠠ ᠲᠠᠢ ᠠᠵᠢᠯᠯᠠᠭ᠎ᠠ ᠳᠤ ᠤᠷᠤᠯᠴᠠᠭᠠᠳ ᠰᠠᠶᠢᠬᠠᠨ ᠪᠠᠶᠢᠨ᠎ᠠ᠃ ᠦᠪᠡᠷ ᠤᠨ ᠤᠷᠠᠨ ᠪᠦᠲᠦᠭᠡᠯ ᠢᠶᠠᠨ ᠤᠯᠠᠨ  ᠲᠠᠢ ᠪᠠᠨ ᠬᠤᠪᠢᠶᠠᠯᠴᠠᠯ᠎ᠠ᠂ ᠤᠯᠠᠨ ᠲᠠᠢ ᠪᠠᠨ ᠪᠠᠰᠠ ᠢᠷᠠᠭᠤ ᠨᠠᠶᠢᠷᠠᠭ ᠢᠶᠠᠷ ᠢᠶᠠᠨ ᠲᠠᠨᠢᠯᠴᠠᠵᠦ ᠪᠠᠶᠢᠭ᠎ᠠ ᠳᠤ ᠪᠠᠨ ᠰᠡᠳᠬᠢᠯ ᠦᠨᠳᠦᠷ ᠪᠠᠶᠢᠨ᠎ᠠ᠂ ᠰᠡᠳᠬᠢᠯ ᠲᠤᠭᠳᠤᠯᠵᠦ ᠪᠠᠶᠢᠨ᠎ᠠ ᠬᠡᠮᠡᠨ ᠪᠠᠭᠠᠷᠢᠨ ᠪᠠᠷᠠᠭᠤᠨ ᠬᠤᠰᠢᠭᠤᠨ ᠠᠴᠠ ᠢᠷᠡᠭᠰᠡᠨ ᠪᠠᠭᠰᠢ ᠰ᠊ · ᠮᠦᠩᠭᠡᠨᠠᠷᠠᠰᠦ ᠳᠤᠭᠳᠤᠯᠤᠨ ᠶᠠᠷᠢᠨ᠎ᠠ᠃      ︽ᠠᠪᠠᠭ᠎ᠠ ᠤᠶᠠᠩᠭ᠎ᠠ︾ ᠤᠷᠤᠯᠳᠤᠭᠠᠨ ᠳᠤ ᠪᠠᠰᠠ ᠵᠠᠭᠤ ᠬᠤᠷᠢᠭᠠᠳ ᠦᠬᠦᠯᠡᠯᠭᠡ ᠨᠠᠶᠢᠷᠠᠭᠤᠯᠤᠯ ᠤᠨ ᠪᠦᠲᠦᠭᠡᠯ ᠤᠷᠤᠯᠴᠠᠭᠰᠠᠨ ᠪᠠᠶᠢᠵᠦ᠂ ᠬᠢᠨᠠᠭᠴᠢᠳ ᠤᠨ ᠨᠠᠷᠢᠨ ᠨᠢᠮᠪᠠᠢ ᠰᠢᠬᠦᠨ ᠦᠨᠡᠯᠡᠭᠰᠡᠨ ᠤ ᠳ᠋ᠦᠩ ᠳᠤ ᠦᠨᠦᠳᠦᠷ ᠲᠡᠷᠢᠬᠦᠨ ᠳᠡᠳ᠋ ᠭᠤᠳᠠᠭᠠᠷ ᠰᠢᠯᠢᠳᠡᠭ ᠨᠡᠷ᠎ᠡ ᠪᠠᠷ ᠲᠦᠴᠢᠨ ᠬᠡᠳᠦᠨ ᠤᠷᠠᠨ ᠪᠦᠲᠦᠭᠡᠯᠴᠢ ᠶᠢ ᠠᠬᠤᠢ ᠲᠠᠯᠠᠪᠠᠢ ᠳᠤ ᠱᠠᠩᠨᠠᠨ ᠬᠦᠬᠢᠬᠦᠯᠵᠠᠢ᠃  ᠡᠶᠢᠨᠬᠦ ᠦᠬᠦᠯᠡᠯᠭᠡ ᠶᠢᠨ ᠲᠡᠷᠢᠬᠦᠨ ᠪᠠᠶᠢᠷᠢᠨ ᠳᠤ ᠬᠦᠪᠡᠭᠡᠳᠦ ᠰᠢᠷ᠎ᠠ ᠬᠤᠰᠢᠭᠤᠨ ᠤ ᠪᠠ᠊ · ᠵᠢᠷᠤᠮᠳᠦ ︽ᠠᠮᠢᠳᠤ ᠪᠤᠳᠠᠰ ᠤᠨ ᠰᠢᠪᠰᠢᠯᠭᠡ︾ ᠬᠡᠬᠦ ᠦᠭᠦᠯᠡᠯᠭᠡ ᠪᠠᠷ ᠢᠶᠠᠨ᠂ ᠠᠪᠠᠭ᠎ᠠ ᠬᠤᠰᠢᠭᠤᠨ ᠤ ᠪ᠊ · ᠠᠰᠬᠠᠨ ︽ᠦᠨᠢᠳᠡ ᠶᠢᠨ ᠪᠠᠷᠢᠯᠳᠤᠯᠭ᠎ᠠ︾ ᠬᠡᠬᠦ ᠦᠬᠦᠯᠡᠯᠭᠡ ᠪᠠᠷ ᠢᠶᠠᠨ ᠳᠤᠳᠤᠷᠠᠵᠦ᠂ ᠨᠠᠶᠢᠷᠠᠭᠤᠯᠤᠯ ᠤᠨ ᠲᠡᠷᠢᠬᠦᠨ ᠳᠤ ᠤᠯᠠᠭᠠᠨᠬᠠᠳᠠ ᠬᠤᠳᠠ ᠶᠢᠨ ᠠᠷᠦ ᠬᠤᠷᠴᠢᠨ ᠢᠶᠠᠷ ᠨᠤᠲᠤᠭᠳᠠᠢ ᠪᠠ᠊ · ᠰᠤᠪᠤᠷᠭ᠎ᠠ ︽ᠵᠤ ᠶᠢᠨ ᠴᠢᠯᠠᠭᠤ︾ ᠬᠡᠬᠦ ᠨᠠᠶᠢᠷᠠᠭᠤᠯᠤᠯ  ᠢᠶᠠᠷ᠂ ᠤᠯᠠᠭᠠᠨᠬᠠᠳᠠ ᠬᠤᠳᠠ ᠶᠢᠨ ᠪᠠᠭᠠᠷᠢᠨ ᠪᠠᠷᠠᠭᠤᠨ ᠬᠤᠰᠢᠭᠤᠨ ᠤ ᠪ᠊ · ᠤᠶᠤᠨᠴᠡᠴᠡᠭ ︽ᠪᠠᠭᠤᠷᠢ︾ ᠬᠡᠬᠦ ᠨᠠᠶᠢᠷᠠᠭᠤᠯᠤᠯ  ᠢᠶᠠᠷ  ᠢᠶᠠᠨ ᠳᠤᠳᠤᠷᠠᠵᠦ ᠪᠢᠯᠡ᠃ ᠡᠬᠦᠨ ᠠᠴᠠ ᠭᠠᠳᠠᠨ᠎ᠠ ᠪᠠᠰᠠ ᠢᠷᠠᠭᠤ ᠨᠠᠶᠢᠷᠠᠭ ᠤᠨ ᠬᠤᠯᠪᠤᠭᠠᠨ ᠳᠤ ᠪᠦᠬᠦ ᠤᠷᠤᠨ ᠤ 500 ᠭᠠᠷᠤᠢ ᠬᠦᠮᠦᠨ ᠵᠢᠷᠤᠭ ᠦᠵᠡᠵᠦ ᠰᠢᠯᠦᠭ ᠪᠢᠴᠢᠬᠦ ᠤᠷᠤᠯᠳᠤᠭᠠᠨ ᠳᠤ ᠤᠷᠤᠯᠴᠠᠭᠰᠠᠨ ᠪᠠᠶᠢᠵᠦ᠂ ᠳᠡᠷᠡ ᠳᠤᠮᠳᠠ ᠠᠴᠠ ᠠᠷᠪᠠᠨ ᠵᠢᠷᠭᠤᠭᠠᠨ ᠤᠷᠤᠯᠴᠠᠭᠴᠢ ᠶᠢ ᠱᠠᠩᠨᠠᠨ ᠬᠦᠬᠢᠬᠦᠯᠵᠠᠢ᠃ ᠤᠷᠳᠤᠰ ᠨᠤᠲᠤᠭ ᠲᠠᠢ ᠳᠠᠷᠬᠠᠳ ᠤᠨ ᠬᠡ᠊ · ᠬᠠᠰᠠᠤᠶᠠᠩᠭ᠎ᠠ ᠡᠨᠡᠬᠦ ᠤᠷᠤᠯᠳᠤᠭᠠᠨ ᠤ ᠲᠡᠷᠢᠬᠦᠨ ᠨᠠᠷ᠎ᠠ ᠳᠤ ᠳᠤᠳᠤᠷᠠᠪᠠ᠃ ᠡᠶᠢᠨᠬᠦ ᠭᠠᠵᠠᠷ ᠭᠠᠵᠠᠷ ᠤᠨ ᠢᠷᠠᠭᠤ ᠨᠠᠶᠢᠷᠠᠭᠴᠢᠳ ᠪᠦᠲᠦᠭᠡᠯ ᠢᠶᠠᠷ ᠢᠶᠠᠨ ᠪᠠᠭ᠋ᠠᠷᠬᠠᠵᠦ  ᠂ ᠦᠵᠡᠭᠴᠢᠳ ᠤᠷᠠᠨ ᠪᠦᠲᠦᠭᠡᠯᠴᠢ ᠪᠠᠷ ᠢᠶᠠᠨ ᠪᠠᠭ᠋ᠠᠷᠬᠠᠨ᠂ ᠤᠷᠠᠨ ᠪᠦᠲᠦᠭᠡᠯ ᠤᠨ ᠷᠢᠳᠢ ᠰᠢᠳᠢ ᠶᠢ  ᠬᠠᠷᠠᠭᠤᠯᠤᠨ᠂ ᠬᠦᠨᠳᠦᠳᠬᠡᠯ  ᠳᠡᠪᠰᠢᠬᠦᠯᠦᠨ ᠠᠯᠠᠭ᠎ᠠ ᠳᠠᠰᠢᠯᠳᠠ ᠪᠠᠨ ᠨᠢᠵᠢᠬᠢᠨᠡᠬᠦᠯᠵᠦ᠂ ᠢᠷᠠᠭᠤ ᠨᠠᠶᠢᠷᠠᠭ ᠤᠨ ᠦᠨᠢᠷ ᠦᠳᠬᠡᠨ ᠠᠭᠤᠷ ᠠᠮᠢᠰᠬᠤᠯ ᠢ ᠠᠳᠡ ᠮᠡᠳᠡᠷᠡᠬᠦᠯᠦᠯ᠎ᠡ᠃      — ᠲᠤᠰ ᠤᠳᠠᠭᠠᠨ ᠤ ᠠᠵᠢᠯᠯᠠᠭ᠎ᠠ ᠮᠠᠨᠢ ᠤᠳᠬ᠎ᠠ ᠠᠭᠤᠯᠭ᠎ᠠ ᠦᠷᠭᠡᠨ ᠳᠡᠯᠭᠡᠷ ᠰᠠᠶᠢᠬᠠᠨ ᠠᠵᠢᠯᠯᠠᠭ᠎ᠠ ᠪᠤᠯᠤᠯ᠎ᠠ᠂ ᠳᠡᠭᠡᠭᠡᠳ ᠰᠠᠨᠠᠭᠠᠨ ᠠᠴᠠ ᠭᠠᠳᠠᠭᠤᠷ ︽ᠦᠨᠢᠳᠡ ᠶᠢᠨ ᠪᠠᠷᠢᠯᠳᠤᠯᠭ᠎ᠠ︾ ᠪᠦᠲᠦᠭᠡᠯ ᠮᠠᠨᠢ ᠦᠬᠦᠯᠡᠯᠭᠡ  ᠶᠢᠨ ᠨᠢᠭᠡᠳᠦᠭᠡᠷ ᠳᠡᠰ ᠲᠤ ᠳᠤᠳᠤᠷᠠᠯ᠎ᠠ᠂ ᠶᠡᠷᠦᠨᠢ ᠤᠷᠤᠨ ᠤ ᠬᠡᠪᠴᠢᠶᠡᠨ ᠤ ᠨᠡᠷ᠎ᠡ ᠨᠦᠯᠦᠭᠡ ᠲᠠᠢ ᠢᠷᠠᠭᠤ ᠨᠠᠶᠢᠷᠠᠭᠴᠢ᠂ ᠤᠷᠠᠨ ᠪᠦᠲᠦᠭᠡᠯᠴᠢ ᠢᠷᠡᠭᠰᠡᠨ ᠮᠦᠷᠳᠡᠭᠡᠨ ᠤᠳᠤ ᠰᠢᠨ᠎ᠠ ᠪᠠᠷ ᠴᠤᠯᠭᠤᠷᠠᠵᠦ ᠪᠠᠶᠢᠭ᠎ᠠ ᠵᠠᠯᠠᠭᠤ ᠨᠢᠭᠡᠨ ᠦᠶ᠎ᠠ ᠶᠢᠨ ᠤᠷᠠᠨ ᠪᠦᠲᠦᠭᠡᠯᠴᠢᠳ ᠬᠦᠷᠦᠯᠴᠡᠨ ᠢᠷᠡᠭᠰᠡᠨ ᠪᠠᠶᠢᠨ᠎ᠠ᠃ ᠤᠷᠠᠨ ᠪᠦᠳᠦᠭᠡᠯᠴᠢᠳ ᠠᠭᠤᠯᠵᠠᠯᠳᠤᠭᠠᠳ ᠢᠷᠠᠭᠤ ᠨᠠᠶᠢᠷᠠᠭ  ᠤᠨ ᠡᠳᠦᠷ  ᠢᠶᠠᠨ ᠲᠡᠮᠳᠡᠭᠯᠡᠬᠦ ᠳᠤ ᠮᠠᠰᠢ ᠭᠤᠶᠤ ᠰᠠᠨᠠᠭᠳᠠᠯ᠎ᠠ᠂ ᠰᠡᠳᠬᠢᠯ ᠦᠨᠳᠦᠷ ᠪᠠᠶᠢᠨ᠎ᠠ᠃ ᠮᠦᠨᠬᠦ ᠤᠷᠠᠨ ᠪᠦᠲᠦᠭᠡᠯᠴᠢ ᠬᠦᠮᠦᠰ ᠢᠶᠠᠨ ᠬᠦᠨᠳᠦᠳᠬᠡᠵᠦ ᠤᠷᠮᠠᠰᠢᠭᠤᠯᠵᠦ ᠪᠠᠶᠢᠭ᠎ᠠ ᠨᠢ ᠪᠠᠰᠠ ᠨᠢᠭᠡᠨ ᠤᠳᠬ᠎ᠠ ᠠᠭᠤᠯᠭ᠎ᠠ ᠲᠠᠢ ᠠᠵᠢᠯᠯᠠᠭ᠎ᠠ ᠪᠤᠯᠤᠯ᠎ᠠ ᠬᠡᠮᠡᠨ ᠠᠪᠠᠭ᠎ᠠ ᠨᠤᠲᠤᠭ ᠤᠨ ᠤᠷᠠᠨ ᠪᠦᠲᠦᠭᠡᠯᠴᠢ ᠪ᠊ · ᠠᠰᠬᠠᠨ ᠰᠡᠳᠬᠢᠯ ᠲᠦᠭᠦᠷᠡᠩ ᠶᠠᠷᠢᠨ᠎ᠠ᠃      — ︽ᠠᠪᠠᠭ᠎ᠠ ᠤᠶᠠᠩᠭ᠎ᠠ︾ ᠤᠷᠤᠯᠳᠤᠭᠠᠨ ᠳᠤ ᠮᠠᠰᠢ ᠠᠮᠵᠢᠯᠳᠠ ᠲᠠᠢ ᠤᠷᠤᠯᠴᠠᠯ᠎ᠠ᠃  ︽ᠵᠤ ᠶᠢᠨ ᠴᠢᠯᠠᠭᠤ︾  ᠨᠠᠶᠢᠷᠠᠭᠤᠯᠤᠯ ᠮᠠᠨᠢ ᠨᠢᠭᠡᠳᠦᠭᠡᠷ ᠲᠡᠰ  ᠤᠨ ᠱᠠᠩᠨᠠᠯ ᠬᠦᠷᠳᠡᠯ᠎ᠡ᠃ ᠠᠩᠬ᠎ᠠ ᠤᠳᠠᠭ᠎ᠠ ᠠᠪᠠᠭ᠎ᠠ ᠬᠤᠰᠢᠭᠤᠨ ᠳᠤ ᠢᠷᠡᠵᠦ ᠪᠠᠶᠢᠨ᠎ᠠ᠂ ᠪᠢ ᠪᠤᠯ ᠪᠠᠭᠰᠢ ᠬᠦᠮᠦᠨ ᠪᠠᠶᠢᠭᠰᠠᠨ᠂ ᠤᠷᠠᠨ ᠵᠤᠬᠢᠶᠠᠯ ᠲᠤᠭᠤᠷᠪᠢᠭᠠᠳ ᠤᠳᠤ ᠨᠠᠢᠮᠠᠨ ᠳᠡᠬᠦᠪᠦᠷᠢ ᠲᠠᠢ ᠪᠤᠯᠤᠭᠰᠠᠨ᠃ ᠡᠨᠡ ᠤᠷᠤᠯᠳᠤᠭᠠᠨ ᠨᠢ ᠠᠭᠤᠯᠭ᠎ᠠ ᠪᠠᠶᠠᠯᠢᠭ ᠰᠠᠶᠢᠬᠠᠨ ᠠᠵᠢᠯᠯᠠᠭ᠎ᠠ ᠪᠤᠯᠵᠦ᠂ ᠤᠯᠠᠨ ᠰᠠᠶᠢᠬᠠᠨ ᠤᠷᠠᠨ ᠪᠦᠲᠦᠭᠡᠯᠴᠢᠳ ᠲᠠᠢ ᠠᠭᠤᠯᠵᠠᠭᠠᠳ ᠮᠠᠰᠢ ᠪᠠᠶᠠᠷᠳᠠᠢ ᠪᠠᠶᠢᠨ᠎ᠠ ᠬᠡᠮᠡᠨ ᠠᠷᠦ ᠬᠤᠷᠴᠢᠨ ᠬᠤᠰᠢᠭᠤᠨ ᠤ ᠪᠠ᠊ · ᠰᠤᠪᠤᠷᠭ᠎ᠠ ᠭᠤᠸᠠᠢ ᠪᠠᠶᠠᠷᠳᠠᠶᠢᠬᠠᠨ ᠶᠠᠷᠢᠯ᠎ᠠ᠃      ᠤᠨᠴᠠᠯᠠᠨ ᠳᠤᠷᠠᠳᠬᠤ ᠳᠤ ᠤᠷᠤᠯᠴᠠᠭᠴᠢ ᠶᠢᠨ ᠮᠠᠨᠢ ᠭᠠᠷᠳᠠᠭᠰᠠᠨ ᠪᠡᠯᠡᠭ ᠪᠦᠬᠦᠨ ᠨᠢ ᠨᠤᠮ ᠪᠠ ᠤᠷᠠᠨ ᠪᠢᠴᠢᠯᠭᠡ ᠶᠢᠨ ᠪᠡᠯᠡᠭ ᠪᠠᠶᠢᠭᠰᠠᠨ ᠨᠢ ᠦᠨᠦᠳᠦᠷ  ᠤᠨ ᠠᠵᠢᠯᠯᠠᠭ᠎ᠠ  ᠶᠢᠨ ᠤᠨᠴᠠᠯᠢᠭ ᠲᠤᠳᠤᠷᠠᠭᠤᠯᠤᠨ᠎ᠠ᠃ ᠡᠬᠦᠨ  ᠠᠴᠠ ᠭᠠᠳᠠᠨ᠎ᠠ ᠪᠠᠰᠠ ᠠᠬᠤᠢ ᠲᠠᠯᠠᠪᠠᠢ ᠳᠤ ᠰᠠᠭᠠᠳᠠᠭᠰᠠᠨ ᠦᠵᠡᠭᠴᠢ ᠪᠦᠬᠦᠨ ᠳᠤ ᠪᠠᠨ ᠵᠤᠷᠢᠭᠤᠯᠵᠦ 4 ᠲᠦᠮᠡᠨ ᠲᠦᠭᠦᠷᠢᠭ ᠤᠨ ᠦᠷᠳᠡᠭ ᠪᠦᠬᠦᠢ ᠨᠤᠮ ᠤᠨ ᠪᠡᠯᠡᠭ ᠭᠠᠷᠳᠠᠭᠤᠯᠵᠦ᠂ ᠢᠷᠠᠭᠤ ᠨᠠᠶᠢᠷᠠᠭ ᠤᠨ ᠡᠳᠦᠷ ᠲᠤ ᠪᠠᠨ ᠳᠤᠷᠠᠳᠬᠠᠯ ᠪᠤᠯᠭᠠᠭᠰᠠᠨ ᠪᠤᠯ᠂ ᠠᠪᠠᠭ᠎ᠠ ᠨᠤᠲᠤᠭ ᠤᠨ ᠵᠤᠬᠢᠶᠠᠯᠴᠢ ᠪ᠊ · ᠠᠰᠬᠠᠨ ᠪᠠᠰᠠ ᠦᠪᠡᠷ ᠤᠨ ᠲᠤᠭᠤᠷᠪᠢᠭᠰᠠᠨ ᠨᠤᠮ ᠠᠴᠠ ᠪᠠᠨ 50 ᠳᠡᠪᠳᠡᠷ ᠬᠠᠨᠳᠢᠪᠯᠠᠵᠦ᠂ ᠪᠢᠯᠢᠭ ᠢ ᠬᠤᠷᠴᠠᠯᠠᠵᠦ ᠤᠶᠤᠨ ᠢ ᠨᠡᠭᠡᠭᠡᠭᠳᠡᠬᠦᠯᠬᠦ ᠨᠤᠮ ᠢ ᠭᠠᠷ ᠭᠠᠷ ᠳᠤ ᠪᠠᠨ ᠳᠠᠮᠵᠢᠭᠤᠯᠤᠨ᠂ ᠨᠤᠮ ᠤᠨ ᠴᠠᠭᠠᠨ ᠪᠤᠶᠠᠨ ᠳᠡᠯᠭᠡᠷᠡᠬᠦ ᠶᠢᠨ ᠠᠰᠢᠳᠠ ᠶᠢᠨ ᠪᠡᠯᠡᠭ ᠤᠷᠤᠰᠢᠵᠦ᠂ ᠠᠵᠢᠯᠯᠠᠭᠠᠨ ᠤ ᠨᠢᠭᠡᠨ ᠴᠢᠮᠡᠭ ᠪᠤᠯᠤᠭᠰᠠᠨ ᠬᠡᠯᠳᠡᠢ᠃      ᠡᠬᠦᠨ ᠠᠴᠠ ᠭᠠᠳᠠᠨ᠎ᠠ᠂ ᠪᠠᠰᠠ ᠠᠪᠠᠭ᠎ᠠ ᠬᠤᠰᠢᠭᠤᠨ ᠤ ᠳᠠᠭᠤᠤ ᠬᠦᠭᠵᠢᠮ ᠪᠦᠵᠢᠭ ᠤᠨ ᠨᠡᠶᠢᠭᠡᠮᠯᠢᠭ ᠤᠨ ᠬᠡᠰᠢᠬᠦᠨ᠂ ᠤᠷᠠᠨ ᠪᠢᠴᠢᠯᠭᠡᠳᠡᠨ  ᠤ ᠨᠡᠶᠢᠭᠡᠮᠯᠢᠭ ᠤᠨ ᠬᠡᠰᠢᠬᠦᠨ᠂ ᠵᠤᠬᠢᠶᠠᠯᠴᠢᠳ ᠤᠨ ᠨᠡᠶᠢᠭᠡᠮᠯᠢᠭ᠂ ᠠᠷᠠᠳ ᠤᠨ ᠤᠷᠠᠯᠢᠭᠴᠢᠨ ᠵᠡᠷᠭᠡ ᠤᠯᠠᠨ ᠤᠯᠠᠨ ᠰᠤᠶᠤᠯ ᠤᠨ ᠢᠳᠡᠪᠬᠢᠳᠡᠨ ᠢ ᠱᠠᠩᠨᠠᠨ ᠤᠷᠮᠠᠰᠢᠭᠤᠯᠵᠦ᠂ 2024 ᠤᠨ ᠤ ᠳᠤᠷᠰᠢ ᠦᠵᠡᠬᠦᠯᠦᠭᠰᠡᠨ ᠬᠠᠷᠠᠮ ᠦᠭᠡᠢ ᠵᠤᠷᠢᠭᠤᠯᠤᠯᠳᠠ ᠳᠤ ᠨᠢ ᠪᠠᠶᠠᠷᠯᠠᠭᠰᠠᠨ ᠰᠡᠳᠬᠢᠯ ᠢ ᠢᠯᠡᠷᠭᠡᠶᠢᠯᠡᠵᠠᠢ᠃      ᠡᠨᠡᠬᠦ ᠠᠵᠢᠯᠯᠠᠭ᠎ᠠ ᠶᠢ ᠬᠤᠰᠢᠭᠤ ᠨᠠᠮ ᠤᠨ ᠬᠤᠷᠢᠶᠠᠨ ᠤ ᠤᠬᠠᠭᠤᠯᠬᠤ ᠬᠡᠯᠳᠡᠰ  ᠂ ᠬᠤᠰᠢᠭᠤ ᠨᠢᠭᠡᠳᠦᠮᠡᠯ ᠹᠷᠤᠨᠲ  ᠤᠨ ᠬᠡᠯᠳᠡᠰ᠂ ᠬᠤᠰᠢᠭᠤ ᠰᠤᠶᠤᠯ ᠳᠠᠮᠢᠷ ᠵᠢᠭᠤᠯᠴᠢᠯᠠᠯ ᠷᠠᠳᠢᠤ᠋ ᠲᠧᠯᠸᠢᠰ ᠲᠤᠪᠴᠢᠶ᠎ᠠ᠂ ᠬᠤᠰᠢᠭᠤ ᠦᠨᠳᠦᠰᠦᠳᠡᠨ ᠤ ᠬᠡᠷᠡᠭ ᠡᠷᠬᠢᠯᠡᠬᠦ ᠵᠦᠪᠯᠡᠯ᠂ ᠬᠤᠰᠢᠭᠤ ᠠᠵᠢᠯᠳᠠᠨ ᠤ ᠶᠡᠷᠦᠩᠭᠡᠢ ᠡᠪᠯᠡᠯ᠂ ᠬᠤᠰᠢᠭᠤ ᠤᠳᠬ᠎ᠠ ᠤᠷᠠᠯᠢᠭ ᠤᠨ ᠬᠢᠨ ᠤ ᠬᠤᠯᠪᠤᠭ᠎ᠠ᠂  ᠬᠤᠰᠢᠭᠤ ᠤᠯᠤᠰ ᠲᠦᠷᠦ ᠶᠢᠨ  ᠵᠦᠪᠯᠡᠯᠭᠡᠨ ᠤ ᠤᠳᠬ᠎ᠠ ᠤᠷᠠᠯᠢᠭ ᠰᠤᠨᠢᠨ ᠮᠡᠳᠡᠬᠡᠨ ᠤ ᠡᠳᠡᠭᠡᠳ ᠤᠨ ᠬᠡᠰᠢᠬᠦᠳ ᠤᠨ ᠠᠵᠢᠯᠯᠠᠬᠤ ᠳᠠᠰᠤᠭ ᠠᠴᠠ ᠭᠤᠤᠯᠯᠠᠨ ᠡᠷᠬᠢᠯᠡᠵᠦ᠂ ᠬᠤᠰᠢᠭᠤ ᠵᠤᠬᠢᠶᠠᠯᠴᠢᠳ ᠤᠨ ᠨᠡᠶᠢᠭᠡᠮᠯᠢᠭ   ᠠᠴᠠ ᠳᠠᠭᠠᠭᠠᠴᠢᠯᠠᠨ ᠡᠷᠬᠢᠯᠡᠵᠠᠢ᠃      ᠤᠷᠤᠯᠳᠤᠭᠠᠨ ᠨᠢ ᠢᠷᠠᠭᠤ ᠨᠠᠶᠢᠷᠠᠭ ᠢᠶᠠᠷ ᠬᠤᠯᠪᠤᠭ᠎ᠠ ᠪᠠᠷᠢᠵᠦ᠂ ᠰᠤᠶᠤᠯ ᠢᠶᠠᠷ ᠬᠦᠬᠦᠷᠭᠡ ᠪᠤᠯᠭᠠᠨ᠂ ᠬᠠᠮᠳᠤᠪᠡᠷ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠤᠷᠢᠭ ᠰᠠᠨᠠᠭ᠎ᠠ ᠶᠢ  ᠬᠦᠨᠵᠡᠭᠡᠢ ᠰᠤᠷᠤᠯᠴᠠᠨ ᠲᠤᠭᠤᠰᠢᠯᠠᠭᠤᠯᠵᠦ᠂ ᠤᠮᠠᠷᠠᠳᠦ ᠬᠢᠯᠢ ᠶᠢᠨ ᠰᠤᠶᠤᠯ ᠤᠨ ᠬᠦᠨ ᠵᠤᠵᠠᠭᠠᠨ ᠠᠭᠤᠯᠤᠬᠤᠨ ᠢ ᠪᠠᠳᠠᠷᠠᠭᠤᠯᠤᠨ᠂ ᠳᠤᠮᠳᠠᠳᠦ ᠶᠢᠨ ᠦᠨᠳᠦᠰᠦᠳᠡᠨ ᠤ ᠬᠠᠮᠳᠤ ᠶᠢᠨ ᠴᠤᠭᠴᠠ ᠶᠢᠨ ᠤᠬᠠᠮᠰᠠᠷ ᠢ ᠪᠠᠳᠤ ᠴᠤᠭᠴᠠᠯᠠᠵᠦ᠂ ᠦᠨᠳᠦᠰᠦᠳᠡᠨ ᠤ ᠰᠤᠶᠤᠯ ᠤᠷᠠᠯᠢᠭ ᠤᠨ ᠴᠡᠴᠡᠭᠯᠡᠨ ᠬᠦᠭᠵᠢᠬᠦ ᠶᠢ ᠲᠦᠯᠬᠢᠨ ᠠᠬᠢᠭᠤᠯᠵᠦ᠂ ︽ᠠᠵᠠ ᠬᠡᠶᠢᠮᠦᠷᠢᠳᠦ ᠠᠪᠠᠭ᠎ᠠ ᠬᠤᠰᠢᠭᠤ︾ ᠰᠤᠶᠤᠯ ᠵᠢᠭᠤᠯᠴᠢᠯᠠᠯ ᠤᠨ ᠨᠠᠷ᠎ᠠ ᠳᠡᠮᠳᠡᠭᠳᠦ ᠶᠢ ᠨᠡᠩ ᠳᠠᠭᠤᠷᠢᠰᠤᠭᠤᠯᠬᠤ ᠳᠤ ᠬᠦᠴᠦᠨ ᠨᠡᠮᠡᠷᠢᠯᠡᠬᠦ ᠶᠢᠨ ᠲᠤᠯᠠᠳᠠ ᠶᠠᠪᠤᠭᠳᠠᠭᠤᠯᠤᠭᠰᠠᠨ ᠪᠠᠰᠠ ᠨᠢᠭᠡ ᠤᠳᠠᠭᠠᠨ ᠤ ᠰᠤᠶᠤᠯ ᠤᠷᠠᠯᠢᠭ ᠤᠨ ᠠᠵᠢᠯᠯᠠᠭ᠎ᠠ ᠪᠤᠯᠤᠯ᠎ᠠ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号