ᠰᠤᠪᠢᠯᠠᠭᠴᠢ ᠰᠠᠷᠠᠩᠭᠤᠸ᠎ᠠ ᠪᠦᠬᠦ ᠠᠶᠢᠮᠠᠭ ᠤᠨ ᠴᠢᠰᠤ ᠪᠦᠲᠦᠭᠡᠬᠦ ᠭᠤᠣᠯ ᠡᠰ ᠢᠶᠠᠨ ᠬᠠᠨᠳᠢᠪᠯᠠᠭᠰᠠᠨ ᠠᠩᠬᠠᠳᠠᠭᠴᠢ ᠡᠮᠡᠭᠲᠡᠢ ᠰᠠᠶᠢᠨ ᠳᠤᠷᠠᠴᠢᠨ ᠪᠤᠯᠤᠯ᠎ᠠ
ᠨᠡᠶᠢᠲᠡᠯᠡᠭᠰᠡᠨ ᠴᠠᠭ᠄
2025/3/25
     3 ᠰᠠᠷ᠎ᠠ ᠶᠢᠨ 12 ᠤᠨ ᠡᠳᠦᠷ᠂ ᠠᠪᠠᠭ᠎ᠠ ᠬᠤᠰᠢᠭᠤᠨ ᠤ ᠪᠡᠯᠭᠦᠳᠡᠢ ᠪᠠᠯᠭᠠᠰᠤᠨ ᠤ ᠨᠡᠶᠢᠭᠡᠮ ᠲᠣᠭᠤᠷᠢᠭ ᠤᠨ ᠡᠮᠨᠡᠯᠭᠡ ᠶᠢᠨ ᠬᠤᠷᠢᠶᠠᠨ ᠤ ᠰᠤᠪᠢᠯᠠᠭᠴᠢ ᠰᠠᠷᠠᠩᠭᠤᠸ᠎ᠠ 255 ᠮᠢᠯᠢᠯᠢᠲᠷ  ᠤᠨ ᠴᠢᠰᠤ  ᠪᠦᠲᠦᠭᠡᠬᠦ ᠭᠤᠣᠯ ᠡᠰ ᠢᠶᠠᠨ ᠠᠮᠵᠢᠯᠲᠠ ᠲᠠᠢ ᠬᠠᠨᠳᠢᠪᠯᠠᠵᠤ᠂ ᠨᠢᠭᠡᠨ ᠴᠢᠰᠤᠨ ᠤ ᠡᠪᠡᠳᠴᠢᠨ ᠲᠠᠢ ᠡᠪᠡᠳᠴᠢᠲᠡᠨ ᠳᠤ ᠰᠢᠨ᠎ᠡ ᠠᠮᠢᠳᠤᠷᠠᠯ ᠤᠨ ᠬᠦᠰᠡᠯ ᠡᠷᠡᠮᠡᠯᠵᠡᠯ  ᠢ ᠤᠯᠭᠤᠭᠰᠠᠨ ᠢᠶᠠᠷ ᠪᠠᠷᠠᠬᠤ ᠦᠭᠡᠢ᠂ ᠨᠡᠶᠢᠭᠡᠮ ᠨᠡᠶᠢᠳᠡ ᠳᠤ ᠴᠦ ᠢᠳᠡᠪᠬᠢᠲᠡᠶ ᠬᠡᠪ ᠳᠠᠭᠤᠷᠢᠶᠠᠯ ᠪᠣᠯᠤᠭᠰᠠᠨ ᠶᠤᠮ᠃ ᠡᠶᠢᠨᠬᠦ ᠲᠡᠷᠡ ᠠᠪᠠᠭ᠎ᠠ ᠬᠤᠰᠢᠭᠤᠨ ᠤ ᠴᠢᠰᠤ ᠪᠦᠲᠦᠭᠡᠬᠦ  ᠭᠤᠣᠯ ᠡᠰ ᠢᠶᠠᠨ ᠬᠠᠨᠳᠢᠪᠯᠠᠭᠰᠠᠨ ᠬᠤᠶᠠᠳᠠᠬᠢ ᠵᠢᠱᠢᠶ᠎ᠡ᠂ ᠪᠦᠬᠦ ᠠᠶᠢᠮᠠᠭ ᠤᠨ ᠠᠩᠬᠠᠳᠠᠭᠴᠢ ᠡᠮᠡᠭᠲᠡᠶ ᠬᠠᠨᠳᠢᠪᠯᠡᠭ᠌ᠴᠢ ᠪᠤᠯᠤᠭᠰᠠᠨ ᠢᠶᠠᠷ ᠪᠠᠷᠠᠬᠤ ᠥᠬᠡᠶ᠂ ᠦᠨᠳᠦᠰᠦᠨ ᠱᠠᠲᠤᠨ ᠤ ᠡᠮᠴᠢ ᠰᠤᠪᠢᠯᠠᠭᠴᠢ ᠶᠢᠨ  ᠠᠭᠤᠤ ᠬᠠᠶᠢᠷ᠎ᠠ ᠪᠠ ᠬᠦᠨᠳᠦ ᠬᠠᠷᠢᠭᠤᠴᠠᠯᠭ᠎ᠠ ᠶᠢ ᠪᠡᠶ᠎ᠡ ᠪᠠᠷ ᠢᠶᠠᠨ ᠬᠠᠷᠠᠭᠤᠯᠤᠭᠰᠠᠨ ᠶᠤᠮ᠃      ᠦᠨᠳᠦᠰᠦᠨ ᠱᠠᠲᠤᠨ  ᠤ ᠰᠤᠪᠢᠯᠠᠭᠴᠢ ᠪᠣᠯᠤᠭᠰᠠᠨ ᠤ ᠬᠤᠪᠢ ᠳᠤ᠂ ᠰᠠᠷᠠᠩᠭᠤᠸ᠎ᠠ ᠡᠪᠡᠳᠴᠢᠲᠡᠨ ᠢ ᠬᠠᠯᠠᠮᠵᠢᠯᠠᠬᠤ᠂ ᠦᠬᠦᠯ ᠠᠴᠠ ᠠᠪᠤᠷᠠᠨ ᠰᠢᠷᠬᠠᠲᠤᠭᠰᠠᠳ ᠢ  ᠲᠡᠩᠬᠡᠷᠡᠭᠦᠯᠬᠦ  ᠲᠤᠬᠠᠶᠢᠯᠠᠭᠰᠠᠨ ᠠᠵᠢᠯ ᠤᠨ ᠵᠣᠷᠢᠭ ᠰᠠᠨᠠᠭ᠎ᠠ ᠶᠢ ᠤᠷᠲᠤ ᠬᠤᠭᠤᠴᠠᠭ᠎ᠠ ᠪᠠᠷ ᠪᠠᠷᠢᠮᠲᠠᠯᠠᠵᠤ᠂ ᠬᠠᠮᠲᠤ ᠠᠵᠢᠯᠯᠠᠭᠴᠢ ᠪᠠ ᠡᠪᠡᠳᠴᠢᠲᠡᠨ ᠤᠯᠠᠨ ᠤ ᠬᠦᠨᠳᠦᠳᠬᠡᠯ ᠪᠢᠰᠢᠷᠠᠯ ᠢ ᠤᠯᠤᠭᠰᠠᠭᠠᠷ ᠢᠷᠠᠵᠠᠢ᠃ ᠨᠢᠭᠡ ᠤᠳᠠᠭᠠᠨ ᠤ ᠦᠨ᠎ᠡ ᠲᠥᠯᠥᠪᠦᠷᠢ ᠦᠭᠡᠢ ᠪᠠᠷ ᠴᠢᠰᠤ  ᠬᠠᠨᠳᠢᠪᠯᠠᠬᠤ ᠠᠵᠢᠯᠯᠠᠭ᠎ᠠ ᠳᠤᠮᠳᠠ᠂ ᠰᠠᠷᠠᠩᠭᠤᠸ᠎ᠠ ᠴᠢᠰᠤ ᠪᠦᠲᠦᠭᠡᠬᠦ ᠭᠤᠣᠯ ᠡᠰ ᠬᠠᠨᠳᠢᠪᠯᠠᠬᠤ ᠨᠢ ᠴᠢᠰᠤᠨ ᠤ ᠡᠪᠡᠳᠴᠢᠲᠡᠨ ᠢ ᠠᠪᠤᠷᠠᠬᠤ ᠶᠢᠨ ᠴᠢᠬᠤᠯᠠ ᠴᠢᠨᠠᠷ ᠢ ᠣᠯᠵᠤ ᠮᠡᠳᠡᠭᠡᠳ᠂ ᠴᠢᠰᠤ  ᠬᠠᠨᠳᠢᠪᠯᠠᠬᠤ ᠶᠠᠪᠤᠴᠠ ᠳᠤ ᠴᠢᠰᠦᠨ ᠤ ᠦᠯᠢᠭᠡᠷ ᠦᠯᠡᠳᠡᠭᠡᠬᠦ ᠶᠢᠨ ᠬᠠᠮᠲᠤ ᠳᠤᠮᠳᠠᠳᠤ ᠶᠢᠨ ᠴᠢᠮᠥᠭᠡ ᠶᠢᠨ ᠬᠥᠮᠥᠷᠭᠡ ᠳᠤ ᠣᠷᠣᠭᠤᠯᠵᠤ᠂ ᠬᠡᠷᠡᠭᠴᠡᠭᠡ ᠲᠠᠢ ᠡᠪᠡᠳᠴᠢᠲᠡᠨ ᠳᠤ ᠬᠡᠯᠪᠡᠷᠢ  ᠲᠠᠭᠠᠷᠠᠭᠤᠯᠬᠤ ᠲᠣᠬᠢᠶᠠᠯ ᠢ  ᠬᠠᠩᠭᠠᠬᠤ ᠳᠤ ᠪᠡᠯᠡᠬᠡᠨ ᠪᠣᠯᠭᠠᠪᠠ᠃      ᠡᠨᠡ ᠵᠢᠯ ᠤᠨ 2 ᠰᠠᠷ᠎ᠠ ᠳᠤ᠂ ᠰᠠᠷᠠᠩᠭᠤᠸ᠎ᠠ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠠᠴᠠ ᠥᠪᠡᠷ  ᠤᠨ ᠴᠢᠰᠤᠨ ᠤ ᠦᠯᠢᠭᠡᠷ ᠨᠢ ᠨᠢᠭᠡᠨ ᠴᠢᠰᠤᠨ ᠤ ᠡᠪᠡᠳᠴᠢᠨ ᠲᠠᠢ ᠡᠪᠡᠳᠴᠢᠲᠡᠨ ᠲᠠᠢ ᠬᠡᠯᠪᠡᠷᠢ ᠲᠤᠬᠢᠷᠠᠯᠴᠠᠭᠰᠠᠨ ᠮᠡᠳᠡᠭᠳᠡᠯ ᠢ ᠲᠤᠰᠴᠦ᠂ ᠡᠨᠡᠬᠦ ᠡᠪᠡᠳᠴᠢᠲᠡᠨ ᠤ ︽ᠠᠮᠢ ᠨᠠᠰᠤᠨ ᠤ ᠬᠠᠮᠠᠭᠠᠯᠠᠭᠴᠢ︾ ᠪᠣᠯᠤᠭᠰᠠᠨ ᠢᠶᠠᠨ ᠮᠡᠳᠡᠪᠡ᠃ ᠮᠡᠳᠡᠭᠳᠡᠯ ᠢ ᠲᠣᠰᠣᠭᠰᠠᠨ ᠤ ᠳᠠᠷᠠᠭ᠎ᠠ᠂ ᠰᠠᠷᠠᠩᠭᠤᠸ᠎ᠠ ᠴᠢᠰᠤ ᠪᠦᠲᠦᠭᠡᠬᠦ ᠭᠤᠣᠯ ᠡᠰ ᠢᠶᠠᠨ ᠬᠠᠨᠳᠢᠪᠯᠠᠬᠤ ᠶᠢ ᠡᠷᠡᠭᠡᠯᠵᠡᠭᠡ ᠦᠭᠡᠢ ᠵᠦᠪᠰᠢᠶᠡᠷᠡᠪᠡ᠃ ︽ᠡᠮᠨᠡᠯᠭᠡ ᠶᠢᠨ ᠠᠵᠢᠯᠳᠠᠨ ᠪᠣᠯᠤᠭᠰᠠᠨ ᠤ ᠬᠤᠪᠢ ᠳᠤ᠂ ᠴᠢᠰᠤᠨ ᠤ ᠡᠪᠡᠳᠴᠢᠨ ᠤ ᠭᠡᠴᠡᠬᠦᠦ ᠶᠢ ᠪᠢ ᠭᠦᠨ ᠤᠶᠢᠯᠠᠭᠠᠳᠠᠭ᠂ ᠪᠢ ᠴᠢᠰᠦᠨ ᠡᠰ ᠬᠠᠨᠳᠢᠪᠯᠠᠵᠦ ᠡᠪᠡᠳᠴᠢᠲᠡᠨ ᠤ ᠠᠮᠢ ᠨᠠᠰᠤ ᠶᠢ ᠠᠪᠤᠷᠠᠵᠦ ᠴᠢᠳᠠᠳᠠᠭ ᠪᠣᠯ  ᠲᠡᠷᠡ ᠪᠤᠯ ᠲᠠᠷᠤᠢ ᠮᠢᠨᠦ ᠵᠠᠶᠢᠯᠠᠭᠤᠯᠵᠤ ᠪᠣᠯᠤᠰᠢ ᠦᠭᠡᠢ ᠬᠠᠷᠢᠭᠤᠴᠠᠯᠭ᠎ᠠ ᠮᠥᠨ︾ ᠭᠡᠮᠡᠨ ᠰᠠᠷᠠᠩᠭᠤᠸ᠎ᠠ ᠶᠠᠷᠢᠯ᠎ᠠ᠃ ᠬᠠᠨᠳᠢᠪᠯᠠᠬᠤ ᠠᠵᠢᠯᠯᠠᠭ᠎ᠠ ᠪᠠᠨ ᠠᠮᠵᠢᠯᠳᠠ ᠲᠠᠢ ᠪᠡᠶᠡᠯᠡᠬᠦᠯᠬᠦ ᠶᠢᠨ ᠲᠦᠯᠦᠬᠡ᠂ ᠰᠠᠷᠠᠩᠭᠤᠸ᠎ᠠ 3 ᠰᠠᠷ᠎ᠠ ᠶᠢᠨ 7 ᠤ ᠡᠳᠦᠷ ᠠᠴᠠ ᠡᠬᠢᠯᠡᠨ ᠠᠨᠠᠭᠠᠬᠤ ᠣᠬᠠᠭᠠᠨ ᠤ ᠪᠠᠶᠢᠴᠠᠭᠠᠯᠳᠠ ᠬᠢᠬᠦ ᠶᠢᠨ ᠬᠠᠮᠳᠣ ᠲᠤᠰᠬᠠᠢ ᠡᠮ ᠲᠠᠷᠢᠭᠤᠯᠵᠦ᠂ ᠴᠢᠮᠦᠭᠡᠨ ᠤ ᠲᠣᠳᠣᠷᠠᠬᠢ ᠴᠢᠰᠤ ᠪᠦᠳᠦᠭᠡᠬᠦ ᠭᠤᠣᠯ ᠡᠰ ᠢ ᠬᠦᠭᠵᠢᠭᠡᠨ ᠭᠠᠳᠠᠷ ᠲᠤᠭᠤᠷᠢᠨ ᠤ ᠴᠢᠰᠤᠨ ᠳᠤ ᠤᠷᠤᠭᠤᠯᠵᠡᠢ᠃ ᠲᠡᠷᠡ ᠪᠦᠬᠦᠶᠢᠯᠡ ᠶᠠᠪᠤᠴᠠ ᠳᠤ ᠢᠮᠠᠭᠲᠠ ᠪᠠᠶᠠᠰᠤᠩᠭᠤᠶ ᠣᠪᠣᠷ ᠢ ᠪᠠᠷᠢᠮᠲᠠᠯᠠᠵᠤ᠂ ᠡᠮᠴᠢ ᠶᠢᠨ ᠵᠢᠯᠣᠭᠤᠳᠤᠯᠭ᠎ᠠ ᠳᠤ ᠢᠳᠡᠪᠬᠢᠲᠡᠶ ᠬᠠᠮᠵᠢᠯᠴᠠᠵᠤ᠂ ᠡᠴᠦᠰ ᠲᠡᠭᠡᠨ 3 ᠰᠠᠷ᠎ᠠ ᠶᠢᠨ 12 ᠤᠨ ᠡᠳᠦᠷ ᠤᠨ ᠦᠳᠡ ᠶᠢᠨ ᠡᠮᠦᠨ᠎ᠡ ᠴᠢᠰᠤ ᠪᠦᠲᠦᠭᠡᠬᠦ ᠭᠤᠣᠯ ᠡᠰ ᠢᠶᠠᠨ ᠠᠮᠵᠢᠯᠲᠠ ᠲᠠᠢ  ᠬᠠᠨᠳᠢᠪᠯᠠᠵᠦ᠂ ᠰᠠᠷᠠᠩᠭᠤᠸ᠎ᠠ ᠶᠢᠨ ᠴᠢᠰᠤ ᠪᠦᠲᠦᠭᠡᠬᠦ ᠭᠤᠣᠯ ᠡᠰ ᠤᠨ ᠬᠤᠯᠢᠮᠠᠭ ᠰᠢᠩᠭᠡᠨ ᠢ ᠦᠳᠳᠡᠷ ᠲᠦᠷᠭᠡᠨ ᠡᠪᠡᠳᠴᠢᠲᠡᠨ ᠤ ᠪᠠᠶᠢᠭ᠎ᠠ ᠡᠮᠨᠡᠯᠭᠡ ᠶᠢᠨ ᠬᠤᠷᠢᠶᠠᠨ ᠳᠤ ᠬᠦᠷᠭᠡᠵᠦ᠂ ᠡᠪᠡᠳᠴᠢᠲᠡᠨ ᠳᠤ ᠡᠪᠡᠳᠴᠢᠨ ᠢ ᠢᠯᠠᠨ ᠳᠠᠪᠠᠭ᠋ᠤ ᠬᠦᠰᠡᠯ ᠡᠷᠡᠮᠡᠯᠵᠡᠯ ᠢ ᠤᠯᠭᠤᠵᠡᠢ᠃      3 ᠰᠠᠷ᠎ᠠ ᠶᠢᠨ 13 ᠤ ᠡᠳᠦᠷ᠂ ᠰᠢᠯᠢ ᠶᠢᠨ ᠭᠤᠤᠯ ᠠᠶᠢᠮᠠᠭ ᠤᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠠᠪᠠᠭ᠎ᠠ ᠬᠤᠰᠢᠭᠤᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠬᠠᠷᠢᠭᠤᠴᠠᠯᠭᠠᠲᠠᠨ ᠵᠢᠴᠢ ᠠᠵᠢᠯᠲᠠᠳ ᠪᠠ ᠨᠡᠶᠢᠭᠡᠮ ᠤᠨ ᠡᠯ᠎ᠡ ᠡᠲᠡᠭᠡᠳ ᠤᠨ ᠬᠢᠨ ᠤ ᠲᠥᠯᠥᠭᠡᠯᠡᠭᠴᠢᠳ ᠰᠢᠯᠢ ᠶᠢᠨ ᠬᠤᠲᠠ ᠶᠢᠨ ᠨᠢᠰᠬᠡᠯ ᠤᠨ ᠪᠠᠭᠤᠳᠠᠯ ᠳᠤ ᠴᠤᠭᠯᠠᠷᠠᠵᠤ᠂ ᠰᠠᠷᠠᠩᠭᠤᠸ᠎ᠠ ᠶᠢ ᠬᠠᠯᠠᠭᠤᠨ ᠢᠶᠠᠷ ᠤᠭᠳᠤᠯ᠎ᠠ᠃ ᠲᠡᠳᠡ ᠲᠡᠭᠦᠨ ᠳᠤ ᠰᠣᠷᠭᠤᠭ ᠴᠡᠴᠡᠭ ᠪᠣᠯᠤᠨ ᠠᠯᠠᠭ᠎ᠠ ᠲᠠᠰᠢᠯᠳᠠ ᠶᠢᠨ ᠲᠠᠭᠤᠨ ᠬᠦᠷᠭᠡᠵᠦ᠂ ᠠᠬᠤᠢ ᠲᠠᠯᠠᠪᠠᠢ ᠶᠢᠨ ᠠᠭᠤᠷ ᠠᠮᠢᠰᠬᠤᠯ ᠬᠥᠮᠦᠰ ᠤᠨ ᠰᠡᠳᠬᠢᠯ ᠢ ᠳᠤᠯᠠᠭᠠᠴᠠᠭᠤᠯᠤᠨ᠎ᠠ᠃      ︽ᠰᠠᠷᠠᠩᠭᠤᠸ᠎ᠠ ᠶᠢᠨ ᠬᠠᠨᠳᠢᠪ ᠨᠢ ᠨᠢᠭᠡ ᠬᠡᠷ ᠪᠦᠯᠢ ᠶᠢ ᠠᠪᠤᠷᠠᠭᠰᠠᠨ ᠢᠶᠠᠷ ᠪᠠᠷᠠᠬᠤ ᠥᠬᠡᠶ᠂ ᠪᠠᠰᠠ ᠬᠥᠮᠥᠡᠯᠢᠭ ᠲᠦᠭᠡᠮᠡᠯ ᠬᠠᠶᠢᠷ᠎ᠠ ᠶᠢᠨ ᠵᠣᠷᠢᠭ ᠰᠠᠨᠠᠭ᠎ᠠ ᠶᠢ ᠨᠠᠩ ᠣᠯᠠᠨ ᠬᠥᠮᠦᠨ ᠳᠤ ᠤᠯᠠᠮᠵᠢᠯᠠᠭᠰᠠᠨ ᠪᠠᠶᠢᠨ᠎ᠠ᠃ ᠲᠡᠭᠦᠨ ᠤ ᠭᠤᠶᠠᠴᠢ ᠦᠭᠡᠢ ᠵᠣᠷᠢᠭᠤᠯᠤᠯᠲᠠ ᠪᠠ ᠡᠷᠡᠯᠬᠡᠭ ᠪᠠᠭᠠᠲᠤᠷᠯᠢᠭ ᠦᠢᠯᠡ ᠠᠵᠢᠯᠯᠠᠭ᠎ᠠ ᠨᠢ ᠯᠠᠪᠲᠠᠶ ᠨᠠᠩ ᠣᠯᠠᠨ ᠬᠥᠮᠦᠰ ᠢ ᠵᠣᠷᠢᠭᠵᠢᠭᠤᠯᠵᠤ ᠡᠨᠡ ᠬᠦ ᠠᠭᠤᠤ ᠶᠡᠭᠡ ᠨᠡᠶᠢᠲᠡ ᠶᠢᠨ ᠠᠰᠠᠷᠠᠮᠵᠢ ᠶᠢᠨ ᠦᠢᠯᠡᠰ ᠲᠤ ᠣᠷᠣᠯᠴᠠᠭᠤᠯᠬᠤ ᠪᠣᠯᠤᠨ᠎ᠠ︾ ᠭᠡᠵᠦ ᠠᠪᠠᠭ᠎ᠠ ᠬᠤᠰᠢᠭᠤᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠳᠡᠳ᠋ ᠳᠠᠷᠤᠭ᠎ᠠ  ᠵᠠᠯᠭᠠᠮᠵᠢ ᠶᠠᠷᠢᠯ᠎ᠠ᠃      ︽ᠡᠨᠡ ᠪᠣᠯ ᠨᠢᠭᠡᠨ ᠤᠳᠬ᠎ᠠ ᠠᠭᠤᠯᠭ᠎ᠠ ᠲᠠᠢ ᠬᠠᠨᠳᠢᠪᠯᠠᠯ ᠮᠥᠨ᠂ ᠬᠡᠳᠦ᠋ᠢᠪᠡᠷ ᠲᠡᠬᠦᠨ ᠤ ᠶᠠᠪᠤᠴᠠ ᠨᠢ ᠬᠦᠴᠢᠷ ᠪᠠᠶᠢᠭᠰᠠᠨ ᠪᠣᠯᠪᠠᠴᠤ  ᠮᠢᠨᠤ ᠬᠠᠨᠳᠢᠪᠯᠠᠯ ᠡᠪᠡᠳᠴᠢᠲᠡᠨ ᠳᠤ ᠬᠦᠰᠡᠯ ᠡᠷᠡᠮᠡᠯᠵᠡᠯ ᠣᠯᠭᠤᠭᠰᠠᠨ ᠮᠥᠷᠲᠡᠭᠡᠨ ᠥᠪᠡᠷ ᠤᠨ ᠬᠡᠦᠬᠡᠳ ᠲᠡᠭᠡᠨ ᠰᠠᠶᠢᠨ ᠰᠠᠶᠢᠬᠠᠨ  ᠬᠡᠪ ᠳᠠᠭᠤᠷᠢᠶᠠᠯ ᠪᠤᠯᠵᠦ ᠴᠢᠳᠠᠬᠤ ᠪᠤᠯᠬᠤᠷ ᠬᠢᠪᠡᠰᠦ ᠵᠤᠬᠢᠬᠤ ᠵᠦᠢᠯ ᠪᠤᠯᠤᠨ᠎ᠠ︾ ᠭᠡᠵᠦ ᠰᠠᠷᠠᠩᠭᠤᠸ᠎ᠠ ᠶᠠᠷᠢᠨ᠎ᠠ᠃      ᠣᠶᠢᠯᠠᠭᠠᠭᠰᠠᠨ ᠢᠶᠠᠷ᠂ ᠰᠠᠷᠠᠩᠭᠤᠸ᠎ᠠ ᠪᠣᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 199 ᠳ᠋ᠤᠭᠠᠷ ᠵᠢᠱᠢᠶ᠎ᠡ᠂ ᠰᠢᠯᠢ ᠶᠢᠨ ᠭᠤᠣᠯ ᠠᠶᠢᠮᠠᠭ ᠤᠨ 16  ᠳ᠋ᠤᠭᠠᠷ ᠵᠢᠱᠢᠶ᠎ᠠ᠂ ᠠᠪᠠᠭ᠎ᠠ ᠬᠤᠰᠢᠭᠤᠨ ᠤ ᠴᠢᠰᠤ ᠪᠦᠲᠦᠭᠡᠬᠦ ᠭᠤᠣᠯ ᠡᠰ ᠤᠨ ᠬᠠᠨᠳᠢᠪᠯᠠᠭᠰᠠᠨ ᠬᠤᠶᠠᠳᠡᠬᠢ ᠵᠢᠱᠢᠶ᠎ᠡ ᠪᠠᠶᠢᠵᠤ᠂ ᠮᠥᠨ ᠴᠦ 16 ᠬᠠᠨᠳᠢᠪᠯᠡᠭ᠌ᠴᠢ ᠶᠢᠨ ᠳᠣᠲᠣᠷᠠᠬᠢ ᠠᠩᠬᠠᠳᠠᠭᠴᠢ ᠡᠮᠡᠭᠲᠡᠢ ᠬᠠᠨᠳᠢᠪᠯᠠᠭᠴᠢ ᠪᠣᠯᠣᠨ᠎ᠠ᠃ ᠲᠡᠭᠦᠨ ᠤ ᠬᠠᠨᠳᠢᠪᠯᠠᠯ ᠨᠢ ᠬᠤᠪᠢ ᠬᠥᠮᠦᠨ ᠤ ᠲᠦᠭᠡᠮᠡᠯ ᠬᠠᠶᠢᠷ᠎ᠠ ᠪᠣᠯᠤᠨ ᠬᠠᠷᠢᠭᠤᠴᠠᠯᠭ᠎ᠠ ᠶᠢ ᠢᠯᠡᠷᠡᠭᠦᠯᠦᠭᠰᠡᠨ ᠢᠶᠠᠷ ᠪᠠᠷᠠᠬᠤ ᠦᠭᠡᠢ᠂ ᠪᠠᠰᠠ ᠦᠨᠳᠦᠰᠦᠨ ᠱᠠᠲᠤᠨ ᠤ ᠡᠮᠴᠢ ᠰᠤᠪᠢᠯᠠᠭᠴᠢ ᠶᠢᠨ ᠡᠷᠬᠢᠮ ᠳᠡᠭᠡᠳᠦ ᠬᠠᠶᠢᠷ᠎ᠠ ᠰᠡᠳᠬᠢᠯᠭᠡ ᠶᠢ ᠢᠯᠡᠷᠡᠭᠦᠯᠦᠭᠰᠡᠨ ᠪᠠᠶᠢᠨ᠎ᠠ᠃ ᠲᠡᠭᠦᠨ ᠤ ᠳᠠᠭᠠᠭᠤᠯᠭ᠎ᠠ ᠳᠣᠣᠷ᠎ᠠ᠂ ᠨᠡᠩ ᠤᠯᠠᠨ ᠬᠥᠮᠦᠰ ᠴᠢᠰᠤ ᠪᠦᠲᠦᠭᠡᠬᠦ ᠭᠤᠣᠯ ᠡᠰ ᠤᠨ  ᠬᠠᠨᠳᠢᠪᠯᠠᠯ ᠤᠨ ᠡᠩᠨᠡᠭᠡᠨ ᠳᠤ ᠣᠷᠣᠵᠤ᠂ ᠨᠡᠶᠢᠭᠡᠮ ᠳᠤ ᠨᠡᠩ ᠤᠯᠠᠨ ᠬᠠᠯᠠᠭᠤᠨ ᠳᠤᠯᠠᠭᠠᠨ ᠪᠠ ᠬᠦᠰᠡᠯ ᠡᠷᠡᠮᠡᠯᠵᠡᠯ ᠠᠪᠴᠢᠷᠠᠵᠤ ᠥᠭᠬᠦ ᠶᠢ ᠢᠲᠡᠭᠡᠵᠦ ᠪᠠᠶᠢᠨ᠎ᠠ᠃  
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号