ᠠᠪᠠᠭ᠎ᠠ ᠬᠤᠰᠢᠭᠤ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢ ᠠᠬᠢᠭᠤᠯᠬᠤ ᠪᠠ ︽ᠵᠢᠷᠭᠤᠭᠠᠨ ᠠᠵᠢᠯᠯᠠᠭ᠎ᠠ︾ ᠶᠢ ᠨᠠᠶᠢᠳᠠᠪᠤᠷᠢᠵᠢᠭᠤᠯᠬᠤ ᠠᠵᠢᠯ ᠤᠨ ᠬᠤᠷᠠᠯ ᠵᠢᠴᠢ 2025 ᠣᠨ ᠤ ᠨᠢᠭᠡᠳᠦᠭᠡᠷ ᠤᠯᠠᠷᠢᠯ ᠤᠨ ᠠᠵᠤ ᠠᠬᠤᠶ ᠶᠢᠨ ᠠᠵᠢᠯᠯᠠᠭ᠎ᠠ ᠶᠢ ᠵᠤᠬᠢᠴᠠᠭᠤᠯᠤᠨ ᠳᠤᠬᠢᠷᠠᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/3/26
     3 ᠰᠠᠷ᠎ᠠ ᠶᠢᠨ 12 ᠤᠨ ᠡᠳᠦᠷ᠂ ᠠᠪᠠᠭ᠎ᠠ ᠬᠤᠰᠢᠭᠤ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢ ᠠᠬᠢᠭᠤᠯᠬᠤ ᠪᠠ ︽ᠵᠢᠷᠭᠤᠭᠠᠨ ᠠᠵᠢᠯᠯᠠᠭ᠎ᠠ︾ ᠶᠢ ᠨᠠᠶᠢᠳᠠᠪᠤᠷᠢᠵᠢᠭᠤᠯᠬᠤ ᠠᠵᠢᠯ ᠤᠨ ᠬᠤᠷᠠᠯ ᠵᠢᠴᠢ 2025 ᠣᠨ ᠤ ᠨᠢᠭᠡᠳᠦᠭᠡᠷ ᠤᠯᠠᠷᠢᠯ ᠤᠨ ᠠᠵᠤ ᠠᠬᠤᠶ ᠶᠢᠨ ᠠᠵᠢᠯᠯᠠᠭ᠎ᠠ ᠶᠢ ᠵᠤᠬᠢᠴᠠᠭᠤᠯᠤᠨ ᠳᠤᠬᠢᠷᠠᠭᠤᠯᠬᠤ ᠬᠤᠷᠠᠯ ᠬᠤᠷᠠᠯᠳᠤᠭᠤᠯᠪᠠ᠃ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠦᠪᠯᠡᠯ ᠤᠨ ᠳᠡᠳ᠋ ᠡᠷᠬᠢᠯᠡᠭᠴᠢ᠂ ᠬᠤᠰᠢᠭᠤ ᠨᠠᠮ ᠤᠨ ᠬᠤᠷᠢᠶᠠᠨ ᠤ ᠱᠦᠵᠢ ᠰᠦᠨ ᠵᠢᠶᠦ᠋ᠨ ᠬᠤᠷᠠᠯ ᠡᠷᠭᠢᠯᠡᠵᠦ ᠶᠠᠷᠢᠶ᠎ᠠ ᠲᠠᠯᠪᠢᠪᠠ᠃      ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠨᠠᠰᠤᠨᠪᠠᠲᠤ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ︔ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠬᠠᠰᠪᠠᠭᠠᠲᠤᠷ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠯᠢᠦ ᠰᠢᠶᠤᠤ ᠮᠢᠨ᠂ ᠬᠤᠰᠢᠭᠤ ᠨᠠᠮ ᠤᠨ ᠬᠤᠷᠢᠶᠠᠨ ᠤ ᠡᠯ᠎ᠡ ᠪᠠᠶᠢᠩᠭᠤ ᠶᠢᠨ ᠭᠡᠰᠢᠭᠦᠨ ᠪᠣᠯᠤᠨ ᠬᠤᠰᠢᠭᠤ ᠵᠠᠰᠠᠭ ᠤᠨ ᠣᠷᠳᠣᠨ ᠤ ᠳᠡᠳ᠋ ᠳᠠᠷᠤᠭ᠎ᠠ ᠬᠤᠷᠠᠯ ᠳᠤ ᠣᠷᠣᠯᠴᠠᠪᠠ᠃      ᠬᠤᠷᠠᠯ ᠠᠴᠠ᠂ 2025 ᠤᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠰᠡᠭᠦᠯᠴᠢ ᠶᠢᠨ ᠵᠢᠯ ᠪᠣᠯᠬᠤ ᠮᠦᠷᠲᠡᠭᠡᠨ ᠪᠠᠰᠠ ᠴᠤ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢ ᠲᠥᠯᠥᠪᠵᠢᠭᠦᠯᠬᠦ ᠡᠬᠢᠨ ᠤ ᠵᠢᠯ ᠪᠣᠯᠤᠨ᠎ᠠ᠂ ᠡᠨᠡ ᠵᠢᠯ ᠤᠨ ᠠᠵᠤ ᠠᠬᠤᠢ ᠶᠢᠨ ᠠᠵᠢᠯ ᠢ ᠰᠠᠶᠢᠲᠤᠷ ᠠᠳᠬᠤᠬᠤ ᠳᠤ ᠬᠠᠷᠢᠭᠤᠴᠠᠯᠭ᠎ᠠ ᠬᠦᠨᠳᠦ᠂ ᠠᠯᠤᠰ ᠬᠡᠳᠦ ᠶᠢᠨ ᠠᠴᠢ ᠬᠤᠯᠪᠣᠭᠳᠠᠯ ᠲᠠᠢ ᠪᠣᠯᠬᠤᠷ ᠬᠤᠰᠢᠭᠤ ᠳᠠᠶᠠᠭᠠᠷ ᠠᠵᠤ ᠠᠬᠤᠶ ᠶᠢᠨ ᠠᠵᠢᠯᠯᠠᠭᠠᠨ ᠤ ᠪᠠᠶᠢᠳᠠᠯ ᠢ ᠭᠦᠨᠵᠡᠭᠡᠶ ᠵᠠᠳᠠᠯᠵᠤ᠂ ᠠᠮᠵᠢᠯᠲᠠ ᠪᠠᠨ ᠨᠤᠲᠠᠯᠠᠵᠤ᠂ ᠬᠦᠷᠦᠯᠴᠡᠬᠦ ᠥᠬᠡᠶ ᠲᠠᠯ᠎ᠠ ᠳᠤ ᠵᠥᠪ ᠢᠶᠠᠷ ᠬᠠᠨᠳᠤᠵᠤ᠂ ︽ᠵᠢᠷᠭᠤᠭᠠᠨ ᠠᠵᠢᠯᠯᠠᠭ᠎ᠠ︾ ᠶᠢ ᠭᠦᠨᠵᠡᠭᠡᠶ ᠬᠡᠷᠡᠭᠵᠢᠭᠦᠯᠬᠦ ᠪᠠᠷ ᠭᠠᠷᠳᠠᠴᠠ ᠪᠣᠯᠭᠠᠵᠤ᠂ ᠠᠵᠤ ᠠᠬᠤᠶᠢᠯᠠᠯ ᠤᠨ ᠦᠢᠯᠡᠳᠪᠦᠷᠢᠯᠡᠯ ᠢ ᠲᠣᠭᠲᠠᠪᠤᠷᠢᠵᠢᠭᠤᠯᠬᠤ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠵᠡᠷᠭᠡ ᠭᠤᠤᠯᠳᠠᠯᠭ᠎ᠠ ᠲᠠᠢ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠠᠳᠬᠤᠵᠤ᠂ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠪᠥᠬᠦ ᠲᠠᠯ᠎ᠠ ᠪᠠᠷ ᠳᠥᠯᠭᠢᠨ ᠠᠬᠢᠭᠤᠯᠵᠤ᠂ ᠰᠢᠯᠢᠳᠡᠭ ᠬᠢᠷᠢ ᠪᠦᠲᠦᠮᠵᠢ ᠶᠢᠨ ᠬᠠᠭᠤᠳᠠᠰᠤ ᠪᠠᠷ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠰᠡᠭᠦᠯ ᠬᠤᠷᠢᠶᠠᠬᠤ ᠠᠵᠢᠯ ᠢ ᠲᠡᠭᠦᠰ ᠠᠮᠵᠢᠯᠲᠠ ᠲᠠᠢ ᠡᠬᠢᠯᠡᠭᠦᠯᠵᠦ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠢᠯᠭᠤᠮ ᠤᠷᠤᠭᠰᠢᠲᠠᠶ ᠡᠬᠢᠯᠡᠬᠦ ᠳᠤ ᠪᠠᠲᠤ ᠪᠠᠬᠢ ᠰᠠᠭᠤᠷᠢ ᠲᠠᠯᠪᠢᠬᠤ ᠬᠡᠷᠡᠭᠲᠡᠶ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号