ᠠᠪᠠᠭ᠎ᠠ ᠬᠤᠰᠢᠭᠤ ︽3 · 15︾ ᠤ ᠣᠯᠠᠨ ᠤᠯᠤᠰ ᠤᠨ ᠬᠡᠷᠡᠭᠯᠡᠭᠴᠢᠳ ᠤᠨ ᠡᠳᠦᠷ ᠤᠨ ᠤᠬᠠᠭᠤᠯᠭ᠎ᠠ ᠯᠠᠪᠯᠠᠭ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/3/26
     ᠡᠨᠡ ᠵᠢᠯ ᠪᠣᠯ 43 ᠳ᠋ᠤᠭᠠᠷ ︽3 · 15︾ ᠤ ᠣᠯᠠᠨ ᠤᠯᠤᠰ ᠤᠨ ᠬᠡᠷᠡᠭᠯᠡᠭᠴᠢᠳ ᠤᠨ ᠡᠷᠬᠡ ᠠᠰᠢᠭ ᠤᠨ ᠡᠳᠦᠷ ᠪᠣᠯᠤᠨ᠎ᠠ᠃      ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠾᠧ ᠴᠧᠩ ᠬᠤᠸᠠ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠸᠠᠩ ᠸᠠᠨ ᠶᠢᠨ ᠠᠵᠢᠯᠯᠠᠭ᠎ᠠ ᠳᠤ ᠤᠷᠤᠯᠴᠠᠪᠠ᠃      ᠠᠵᠢᠯᠯᠠᠭ᠎ᠠ ᠶᠢᠨ ᠲᠤᠬᠠᠶ ᠶᠢᠨ ᠲᠠᠯᠠᠪᠤᠷ ᠲᠤ᠂ ᠡᠯ᠎ᠡ ᠰᠠᠯᠠᠭ᠎ᠠ ᠮᠥᠴᠢᠷ ᠤᠳ ᠠᠰᠠᠭᠤᠨ ᠯᠠᠪᠯᠠᠬᠤ ᠦᠢᠯᠡᠴᠢᠯᠡᠭᠡᠨ ᠤ ᠲᠠᠪᠴᠠᠩ ᠭᠠᠷᠭᠠᠬᠤ᠂ ᠤᠬᠠᠭᠤᠯᠭ᠎ᠠ ᠶᠢᠨ ᠰᠠᠮᠪᠠᠷ᠎ᠠ ᠲᠠᠯᠪᠢᠬᠤ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠵᠡᠷᠭᠡ ᠣᠯᠠᠨ ᠵᠦᠢᠯ ᠤᠨ ᠬᠡᠯᠪᠡᠷᠢ ᠪᠠᠷ ᠳᠠᠮᠵᠢᠭᠤᠯᠤᠨ ᠣᠯᠠᠨ ᠲᠦᠮᠡᠨ ᠳᠤ ᠬᠡᠷᠡᠭᠯᠡᠭᠡ ᠶᠢᠨ ᠡᠷᠬᠡ ᠪᠠᠨ ᠬᠠᠮᠠᠭᠠᠯᠠᠬᠤ ᠬᠠᠤᠯᠢ ᠴᠠᠭᠠᠵᠠ ᠬᠠᠤᠯᠢ ᠲᠣᠭᠲᠠᠭᠠᠯ᠂ ᠢᠳᠡᠭᠡᠨ ᠤ ᠠᠮᠤᠷ ᠲᠦᠪᠰᠢᠨ᠂ ᠦᠢᠯᠡᠳᠬᠦᠨ ᠤ ᠶᠠᠰᠤ ᠴᠢᠨᠠᠷ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ ᠵᠡᠷᠭᠡ ᠮᠡᠳᠡᠯᠭᠡ ᠶᠢ ᠤᠬᠠᠭᠤᠯᠪᠠ᠃ ᠠᠵᠢᠯᠲᠠᠳ ᠣᠯᠠᠨ ᠲᠦᠮᠡᠨ ᠤ ᠳᠤᠷᠠᠳᠤᠭᠰᠠᠨ ᠡᠯ᠎ᠡ ᠲᠥᠷᠥᠯ ᠤᠨ ᠬᠡᠷᠡᠭᠯᠡᠭᠡᠨ ᠤ ᠠᠰᠠᠭᠤᠳᠠᠯ ᠳᠤ ᠬᠦᠯᠢᠴᠡᠩᠭᠦᠶ ᠪᠠᠷ ᠨᠠᠷᠢᠨ ᠨᠢᠮᠪᠠᠶ ᠬᠠᠷᠢᠭᠤᠯᠲᠠ ᠥᠭᠴᠦ᠂ ᠦᠷᠭᠦᠯᠵᠢ ᠲᠣᠬᠢᠶᠠᠯᠳᠤᠳᠠᠭ ᠬᠡᠷᠡᠭᠯᠡᠭᠡᠨ ᠤ ᠠᠰᠠᠭᠤᠳᠠᠯ ᠤᠨ ᠲᠣᠭᠤᠷᠢᠨ ᠳᠤ᠂ ᠵᠢᠱᠢᠶᠡᠯᠡᠪᠡᠯ ᠬᠤᠳᠠᠯ ᠬᠠᠭᠤᠷᠮᠠᠭ ᠤᠬᠠᠭᠤᠯᠭ᠎ᠠ᠂ ᠬᠠᠭᠤᠷᠮᠠᠭ ᠮᠠᠭᠤ ᠲᠠᠸᠠᠷ ᠢ ᠢᠯᠭᠠᠨ ᠲᠠᠨᠢᠬᠤ ᠵᠡᠷᠭᠡ ᠠᠭᠤᠯᠭ᠎ᠠ ᠶᠢᠨ ᠲᠣᠭᠤᠷᠢᠨ ᠳᠤ᠂ ᠪᠣᠳᠠᠲᠤ ᠬᠡᠷᠡᠭ ᠤᠨ ᠵᠢᠱᠢᠶ᠎ᠡ ᠲᠠᠢ ᠪᠠᠨ ᠤᠶᠠᠯᠳᠤᠭᠤᠯᠤᠨ᠂ ᠣᠯᠠᠨ ᠲᠦᠮᠡᠨ ᠳᠤ ᠠᠷᠭᠠᠴᠠᠬᠤ ᠠᠷᠭ᠎ᠠ ᠪᠠ ᠡᠷᠬᠡ ᠪᠠᠨ ᠬᠠᠮᠠᠭᠠᠯᠠᠬᠤ ᠠᠷᠭ᠎ᠠ ᠵᠠᠮ ᠢ ᠭᠦᠨᠵᠡᠭᠡᠶ ᠪᠥᠭᠡᠳ ᠣᠶᠢᠯᠠᠭᠠᠮᠵᠢᠲᠠᠶ ᠲᠠᠶᠢᠯᠪᠤᠷᠢᠯᠠᠵᠤ᠂ ᠬᠡᠷᠡᠭᠯᠡᠭᠴᠢᠳ ᠤᠨ ᠰᠢᠨᠵᠢᠯᠡᠬᠦ ᠤᠬᠠᠭᠠᠨᠴᠢ᠂ ᠣᠶᠤᠨᠴᠢ ᠬᠡᠷᠡᠭᠯᠡᠭᠡ ᠶᠢ ᠬᠥᠲᠥᠯᠦᠨ ᠵᠢᠯᠣᠭᠤᠳᠪᠠ᠃      ᠬᠤᠰᠢᠭᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠠᠵᠢᠯᠲᠠᠳ ᠪᠠᠰᠠ ᠲᠤᠰᠬᠠᠶ ᠲᠥᠬᠦᠭᠡᠷᠦᠮᠵᠢ ᠠᠪᠴᠢᠷᠠᠵᠤ᠂ ᠲᠤᠬᠠᠶ ᠶᠢᠨ ᠲᠠᠯᠠᠪᠤᠷ ᠲᠤ ᠬᠡᠷᠡᠭᠯᠡᠭᠴᠢᠳ ᠲᠤ ᠲᠠᠸᠠᠷ ᠤᠨ ᠦᠨᠡᠨ ᠬᠤᠳᠠᠯ ᠢ ᠢᠯᠭᠠᠨ ᠲᠠᠨᠢᠬᠤ ᠦᠢᠯᠡᠴᠢᠯᠡᠭᠡ ᠬᠠᠩᠭᠠᠪᠠ᠃ ᠣᠯᠠᠨ ᠲᠦᠮᠡᠨ ᠤ ᠠᠪᠴᠢᠷᠠᠭᠰᠠᠨ ᠡᠯ᠎ᠡ ᠲᠥᠷᠥᠯ ᠤᠨ ᠲᠠᠸᠠᠷ ᠢ᠂ ᠠᠵᠢᠯᠲᠠᠳ ᠪᠣᠭᠤᠳᠠᠯ ᠪᠠᠭᠯᠠᠭ᠎ᠠ᠂ ᠪᠡᠯᠭᠡ ᠲᠡᠮᠳᠡᠭ᠂ ᠶᠠᠰᠤ ᠴᠢᠨᠠᠷ ᠵᠡᠷᠭᠡ ᠨᠠᠷᠢᠨ ᠵᠦᠢᠯᠡᠰ ᠢ ᠨᠠᠷᠢᠨ ᠪᠠᠶᠢᠴᠠᠭᠠᠨ ᠦᠵᠡᠵᠦ᠂ ᠦᠨᠡᠨ ᠬᠤᠳᠠᠯ ᠢ ᠬᠡᠷᠬᠢᠨ ᠢᠯᠭᠠᠨ ᠲᠠᠨᠢᠬᠤ ᠶᠢ ᠣᠯᠠᠨ ᠳᠤ ᠨᠠᠷᠢᠯᠢᠭ ᠲᠠᠶᠢᠯᠪᠦᠷᠢᠯᠡᠵᠦ᠂ ᠴᠥᠭᠡᠨ ᠪᠤᠰᠤ ᠬᠡᠷᠡᠭᠯᠡᠭᠴᠢᠳ ᠬᠡᠷᠡᠭᠯᠡᠭᠡᠨ ᠤ ᠢᠯᠭᠠᠨ ᠲᠠᠨᠢᠬᠤ ᠤᠷ᠎ᠠ ᠮᠡᠷᠭᠡᠵᠢᠯ ᠢ ᠰᠤᠷᠤᠭᠰᠠᠨ ᠢᠶᠠᠨ ᠢᠯᠡᠳᠭᠡᠪᠡ᠃      ᠠᠵᠢᠯᠯᠠᠭ᠎ᠠ ᠶᠢᠨ ᠶᠠᠪᠤᠴᠠ ᠳᠤ᠂ ᠬᠤᠰᠢᠭᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠬᠠᠤᠯᠢ ᠬᠡᠷᠡᠭᠵᠢᠭᠦᠯᠬᠦ ᠠᠵᠢᠯᠲᠠᠨ ᠪᠠᠰᠠ ᠬᠤᠭᠤᠴᠠᠭ᠎ᠠ ᠬᠡᠲᠦᠷᠡᠭᠰᠡᠨ ᠢᠳᠡᠭᠡᠨ᠂ ᠬᠠᠭᠤᠷᠮᠠᠭ ᠮᠠᠭᠤ ᠦᠢᠯᠡᠳᠬᠦᠨ ᠢ ᠲᠤᠬᠠᠶ ᠶᠢᠨ ᠲᠠᠯᠠᠪᠤᠷ ᠲᠤᠨᠢ ᠲᠥᠪᠯᠡᠷᠡᠭᠦᠯᠦᠨ ᠰᠢᠢᠳᠪᠦᠷᠢᠯᠡᠪᠡ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号