ᠣᠯᠠᠨ ᠲᠦᠮᠡᠨ ᠤ ᠭᠠᠯ ᠤᠨᠲᠠᠷᠠᠭᠠᠬᠤ ᠠᠮᠤᠷ ᠳᠦᠪᠰᠢᠨ ᠤ ᠤᠬᠠᠮᠰᠠᠷ ᠢ ᠳᠡᠭᠡᠭᠰᠢᠯᠡᠭᠦᠯᠬᠦ ᠶᠢᠨ ᠲᠥᠯᠥᠭᠡ᠂ | ᠠᠪᠠᠭ᠎ᠠ ᠬᠤᠰᠢᠭᠤᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠲᠣᠪᠴᠢᠶ᠎ᠠ ᠬᠠᠷᠢᠶᠠᠲᠤ ᠲᠣᠭᠤᠷᠢᠭ ᠤᠨ | ᠰᠠᠭᠤᠭᠠᠯᠢ ᠲᠣᠭᠤᠷᠢᠭ ᠲᠤ ᠬᠦᠷᠴᠦ ᠭᠠᠯ ᠤᠨᠲᠠᠷᠠᠭᠠᠬᠤ ᠠᠮᠤᠷ ᠳᠦᠪᠰᠢᠨ ᠤ ᠤᠬᠠᠭᠤᠯᠭ᠎ᠠ ᠶᠢᠨ ᠠᠵᠢᠯᠯᠠᠭ᠎ᠠ | ᠥᠷᠨᠢᠭᠦᠯᠵᠦ᠂ ᠨᠡᠶᠢᠭᠡᠮ ᠲᠣᠭᠤᠷᠢᠭ ᠤᠨ ᠭᠠᠯ ᠤᠨᠲᠠᠷᠠᠭᠠᠬᠤ ᠠᠮᠤᠷ ᠳᠦᠪᠰᠢᠨ ᠤ ᠬᠠᠯᠬᠠᠪᠴᠢ ᠶᠢ ᠦᠨᠡᠨ ᠬᠦ ᠪᠠᠲᠤ | ᠪᠠᠬᠢ ᠪᠣᠯᠭᠠᠪᠠ᠃ | ᠭᠠᠯ ᠤᠨᠲᠠᠷᠠᠭᠠᠬᠤ ᠤᠬᠠᠭᠤᠯᠤᠭᠴᠢ ᠭᠠᠯ ᠤᠨᠲᠠᠷᠠᠭᠠᠬᠤ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠪᠠ | ᠭᠠᠯ ᠤᠨᠲᠠᠷᠠᠭᠠᠬᠤ ᠠᠮᠤᠷ ᠲᠦᠪᠰᠢᠨ ᠤ ᠰᠠᠨᠠᠭᠤᠯᠤᠮᠵᠢ ᠨᠠᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ | ᠣᠶᠢᠷ᠎ᠠ ᠶᠢᠨ ᠬᠤᠭᠤᠴᠠᠭᠠᠨ ᠤ ᠨᠡᠶᠢᠲᠡᠯᠢᠭ ᠭᠠᠯ ᠤᠨ ᠬᠡᠷᠡᠭ ᠤᠨ ᠵᠢᠱᠢᠶ᠎ᠡ ᠪᠠ ᠠᠰᠠᠷ ᠪᠠᠷᠢᠯᠭ᠎ᠠ ᠶᠢᠨ ᠭᠠᠯ ᠤᠨ ᠠᠶᠤᠯ | ᠠᠮᠠᠷᠬᠠᠨ ᠭᠠᠷᠬᠤ ᠣᠨᠴᠠᠯᠢᠭ ᠲᠠᠢ ᠤᠶᠠᠯᠳᠤᠭᠤᠯᠤᠨ᠂ ᠲᠥᠬᠦᠮ ᠣᠶᠢᠯᠠᠭᠠᠮᠵᠢᠲᠠᠶ ᠦᠭᠡ ᠬᠡᠯᠡ ᠪᠠᠷ ᠰᠠᠭᠤᠭᠠᠯᠢ | ᠲᠣᠭᠤᠷᠢᠭ ᠤᠨ ᠤᠯᠠᠨ ᠲᠦᠮᠡᠨ ᠳᠤ ᠬᠡᠷ ᠪᠦᠯᠢ ᠶᠢᠨ ᠭᠠᠯ ᠤᠨ ᠭᠠᠮᠰᠢᠭ ᠤᠨ ᠬᠤᠤᠷ ᠬᠥᠨᠥᠭᠡᠯᠲᠦ ᠴᠢᠨᠠᠷ᠂ | ᠭᠠᠯ ᠤᠨ ᠭᠠᠮᠰᠢᠭ ᠢ ᠰᠡᠷᠭᠡᠶᠢᠯᠡᠬᠦ ᠶᠢᠨ ᠴᠢᠬᠤᠯᠠ ᠴᠢᠨᠠᠷ᠂ ᠭᠠᠯ ᠲᠦᠢᠮᠡᠷ ᠤᠨ ᠲᠦᠭᠰᠢᠭᠦᠷᠢ ᠶᠢ ᠬᠡᠷᠬᠢᠨ ᠵᠥᠪ ᠢᠶᠠᠷ | ᠮᠡᠳᠡᠭᠦᠯᠬᠦ᠂ ᠠᠩᠬᠠᠨ ᠤ ᠬᠤᠭᠤᠴᠠᠭᠠᠨ ᠤ ᠭᠠᠯ ᠤᠨᠲᠠᠷᠠᠭᠠᠬᠤ ᠠᠷᠭ᠎ᠠ᠂ ᠬᠡᠷ ᠪᠦᠯᠢ ᠶᠢᠨ ᠭᠠᠯ ᠤᠨ ᠭᠠᠮᠰᠢᠭ ᠤᠨ | ᠳᠠᠯᠳᠠ ᠬᠡᠮ ᠢ ᠬᠡᠷᠬᠢᠨ ᠤᠷᠢᠳᠴᠢᠯᠠᠨ ᠰᠡᠷᠭᠡᠶᠢᠯᠡᠬᠦ᠂ ᠡᠳᠦᠷ ᠲᠤᠲᠤᠮ ᠤᠨ ᠠᠮᠢᠳᠤᠷᠠᠯ ᠳᠤᠮᠳᠠ ᠭᠠᠯ ᠬᠡᠷᠡᠭᠯᠡᠬᠦ ᠪᠠ | ᠰᠢᠲᠠᠮᠠᠬᠠᠢ ᠬᠡᠶ ᠬᠡᠷᠡᠭᠯᠡᠬᠦ ᠶᠢ ᠬᠡᠷᠬᠢᠨ ᠵᠢᠷᠤᠮᠵᠢᠭᠤᠯᠬᠤ ᠵᠢᠴᠢ ᠠᠮᠢ ᠵᠢᠭᠤᠲᠠᠬᠤ ᠵᠡᠷᠭᠡ ᠭᠠᠯ ᠤᠨᠲᠠᠷᠠᠭᠠᠬᠤ ᠠᠮᠤᠷ | ᠲᠦᠪᠰᠢᠨ ᠤ ᠮᠡᠳᠡᠯᠭᠡ ᠶᠢ ᠲᠠᠶᠢᠯᠪᠤᠷᠢᠯᠠᠪᠠ᠃ ᠡᠭᠦᠨ ᠤ ᠬᠠᠮᠲᠤ᠂ ᠰᠠᠭᠤᠭᠠᠯᠢ ᠠᠷᠠᠳ ᠲᠤ ᠡᠳᠦᠷ ᠲᠤᠲᠤᠮ ᠤᠨ | ᠠᠮᠢᠳᠤᠷᠠᠯ ᠤᠨ ᠳᠤᠮᠳᠠ ᠠᠮᠤᠷ ᠲᠦᠪᠰᠢᠨ ᠤ ᠬᠡᠮ ᠰᠣᠭᠤᠭ ᠢ ᠡᠷᠲᠡ ᠢᠯᠡᠷᠡᠭᠦᠯᠵᠦ᠂ ᠡᠷᠲᠡ ᠰᠢᠢᠳᠪᠦᠷᠢᠯᠡᠵᠦ᠂ | ᠴᠠᠬᠢᠯᠭᠠᠨ ᠤᠲᠠᠰᠤ ᠳᠤᠷ᠎ᠠ ᠪᠠᠷ ᠢᠶᠠᠨ ᠲᠠᠲᠠᠵᠤ ᠪᠣᠯᠬᠤ ᠥᠬᠡᠶ᠂ ᠬᠡᠤᠬᠡᠳ ᠤᠨ ᠭᠠᠯ ᠰᠡᠷᠭᠡᠶᠢᠯᠡᠬᠦ ᠬᠥᠮᠦᠵᠢᠯ ᠢ | ᠠᠩᠬᠠᠷᠴᠤ᠂ ᠡᠯᠳᠡᠪ ᠪᠣᠳᠠᠰ ᠢ ᠠᠰᠠᠷ ᠤᠨ ᠬᠤᠩᠭᠢᠯ ᠳᠤ ᠣᠪᠣᠭᠠᠯᠠᠬᠤ ᠶᠢ ᠴᠢᠩᠭ᠎ᠠ ᠴᠠᠭᠠᠵᠠᠯᠠᠵᠤ᠂ ᠭᠠᠳᠠᠭᠰᠢ | ᠭᠠᠷᠬᠤ ᠳᠤ ︽ᠭᠤᠷᠪᠠ ᠶᠢ ᠴᠡᠪᠡᠷᠯᠡᠬᠦ ᠭᠤᠷᠪᠠᠨ ᠪᠣᠭᠤᠮᠲᠠ︾ ᠶᠢ ᠰᠠᠶᠢᠲᠤᠷ ᠬᠢᠬᠦ ᠬᠡᠷᠡᠭᠲᠡᠶ ᠭᠡᠵᠦ ᠰᠠᠨᠠᠭᠤᠯᠪᠠ᠃ | ᠲᠠᠷᠠᠭᠠᠴᠢ ᠶᠢᠨ ᠠᠯᠬᠤᠮ ᠳᠤ᠂ ᠠᠪᠠᠭ᠎ᠠ ᠬᠤᠰᠢᠭᠤᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ | ᠲᠣᠪᠴᠢᠶ᠎ᠠ ᠨᠡᠶᠢᠭᠡᠮ ᠲᠣᠭᠤᠷᠢᠭ᠂ ᠰᠤᠷᠭᠠᠭᠤᠯᠢ᠂ ᠠᠵᠤ ᠠᠬᠤᠶᠢᠯᠠᠯ ᠵᠡᠷᠭᠡ ᠡᠯ᠎ᠡ ᠲᠥᠷᠥᠯ ᠤᠨ ᠲᠠᠯᠠᠪᠤᠷ ᠲᠤ | ᠦᠷᠭᠦᠯᠵᠢᠯᠡᠨ ᠭᠦᠨᠵᠡᠭᠡᠶᠢᠷᠡᠵᠦ᠂ ᠭᠠᠯ ᠤᠨᠲᠠᠷᠠᠭᠠᠬᠤ ᠠᠮᠤᠷ ᠲᠦᠪᠰᠢᠨ ᠤ ᠤᠬᠠᠭᠤᠯᠭ᠎ᠠ ᠶᠢ ᠪᠠᠶᠢᠩᠭᠤᠵᠢᠭᠤᠯᠤᠨ | ᠥᠷᠨᠢᠭᠦᠯᠵᠦ᠂ ᠭᠠᠯ ᠤᠨᠲᠠᠷᠠᠭᠠᠬᠤ ᠠᠮᠤᠷ ᠲᠦᠪᠰᠢᠨ ᠤ ᠮᠡᠳᠡᠯᠭᠡ ᠶᠢ ᠠᠶᠢᠯ ᠡᠷᠦᠬᠡ ᠪᠦᠷᠢ ᠳᠤ ᠦᠨᠡᠨᠬᠦ ᠬᠦᠷᠭᠡᠵᠦ᠂ | ︽ᠬᠥᠮᠦᠨ ᠪᠦᠬᠦᠨ ᠭᠠᠯ ᠤᠨᠲᠠᠷᠠᠭᠠᠬᠤ ᠶᠢ ᠣᠶᠢᠯᠠᠭᠠᠵᠤ᠂ ᠬᠥᠮᠦᠨ ᠪᠦᠬᠦᠨ ᠭᠠᠯ ᠤᠨᠲᠠᠷᠠᠭᠠᠬᠤ ᠶᠢ ᠠᠩᠬᠠᠷᠴᠤ᠂ | ᠬᠥᠮᠦᠨ ᠪᠦᠬᠦᠨ ᠭᠠᠯ ᠤᠨᠲᠠᠷᠠᠭᠠᠬᠤ ᠶᠢ ᠴᠢᠬᠤᠯᠠᠴᠢᠯᠠᠬᠤ︾ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠪᠠ᠃ | ᠪᠦᠬᠦ ᠤᠯᠤᠰ ᠤᠨ ︽ᠬᠤᠶᠠᠷ ᠬᠤᠷᠠᠯ︾ ᠤᠨ ᠠᠮᠵᠢᠯᠲᠠᠲᠠᠢ ᠬᠤᠷᠠᠯᠳᠤᠬᠤ ᠳᠤ ᠭᠠᠯ ᠰᠡᠷᠭᠡᠶᠢᠯᠡᠵᠦ ᠭᠠᠯ | ᠤᠨᠲᠠᠷᠠᠭᠠᠬᠤ ᠠᠶᠤᠯᠭᠦᠢ ᠶᠢᠨ ᠰᠠᠶᠢᠨ ᠰᠠᠶᠢᠬᠠᠨ ᠣᠷᠴᠢᠨ ᠲᠣᠭᠤᠷᠢᠨ ᠢ ᠪᠤᠢ ᠪᠣᠯᠭᠠᠪᠠ᠃ | |