3 ᠰᠠᠷ᠎ᠠ ᠶᠢᠨ 18 ᠤ ᠡᠳᠦᠷ᠂ ᠠᠪᠠᠭ᠎ᠠ ᠬᠤᠰᠢᠭᠤ 2025 ᠣᠨ ᠤ ᠪᠥᠬᠦ ᠬᠤᠰᠢᠭᠤᠨ ᠤ ᠰᠤᠷᠲᠠᠯ | ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠬᠤᠷᠠᠯ ᠬᠤᠷᠠᠯᠳᠤᠭᠤᠯᠵᠤ᠂ ᠪᠥᠬᠦ ᠣᠷᠣᠨ᠂ ᠪᠥᠬᠦ | ᠠᠶᠢᠮᠠᠭ ᠤᠨ ᠬᠠᠮᠢᠶ᠎ᠠ ᠪᠥᠬᠦᠶ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ 2024 ᠣᠨ ᠤ | ᠠᠵᠢᠯ ᠢᠶᠠᠨ ᠳ᠋ᠦᠩᠨᠡᠵᠦ᠂ ᠡᠨᠡ ᠵᠢᠯ ᠤᠨ ᠭᠤᠤᠯᠳᠠᠯᠭ᠎ᠠ ᠲᠠᠢ ᠠᠵᠢᠯ ᠢᠶᠠᠨ ᠰᠤᠳᠤᠯᠤᠨ ᠪᠠᠶᠢᠷᠢᠯᠠᠭᠤᠯᠪᠠ᠃ ᠬᠤᠰᠢᠭᠤ | ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠭᠠᠩᠴᠣᠭᠲᠤ ᠬᠤᠷᠠᠯ ᠳᠤ | ᠣᠷᠣᠯᠴᠠᠵᠤ ᠶᠠᠷᠢᠶ᠎ᠠ ᠲᠠᠯᠪᠢᠪᠠ᠃ | ᠬᠤᠷᠠᠯ ᠠᠴᠠ ᠴᠢᠬᠤᠯᠠᠴᠢᠯᠠᠭᠰᠠᠨ ᠨᠢ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠡᠳᠬᠢᠯ ᠢᠶᠠᠨ ᠨᠢᠭᠡᠳᠬᠡᠨ ᠰᠦᠭ ᠰᠦᠨᠡᠰᠦ ᠪᠠᠨ | ᠱᠤᠭᠤᠬᠤ ᠶᠢ ᠴᠥᠬᠦᠷᠡᠰᠢ ᠦᠭᠡᠢ ᠪᠠᠷᠢᠮᠲᠠᠯᠠᠵᠤ᠂ ︽ᠰᠢ ᠶᠢᠨ ᠫᠢᠩ ᠤᠨ ᠰᠣᠶᠣᠯ ᠦᠵᠡᠯ ᠰᠠᠨᠠᠭᠠᠨ ᠤ | ᠰᠤᠷᠤᠯᠴᠠᠯᠭ᠎ᠠ ᠶᠢᠨ ᠬᠥᠲᠥᠯᠪᠦᠷᠢ︾ ᠶᠢ ᠰᠠᠶᠢᠲᠤᠷ ᠰᠤᠷᠤᠯᠴᠠᠨ ᠰᠠᠶᠢᠲᠤᠷ ᠬᠡᠷᠡᠭᠯᠡᠵᠦ᠂ ᠤᠳᠤᠷᠢᠳᠬᠤ ᠺᠠᠳ᠋ᠷ ᠭᠡᠬᠦ | ᠡᠨᠡᠬᠦ ︽ᠵᠠᠩᠭᠢᠯᠠᠭ᠎ᠠ ᠶᠢᠨ ᠴᠥᠭᠡᠨ ᠲᠣᠭᠠᠲᠠᠨ︾ ᠢ ᠳᠤᠪᠤᠶᠢᠯᠭᠠᠵᠤ᠂ ᠨᠠᠮ ᠤᠨ ᠰᠢᠨ᠎ᠡ ᠶᠢ ᠡᠭᠦᠳᠬᠦ ᠤᠨᠤᠯ ᠢ | ᠣᠯᠠᠮᠵᠢᠯᠠᠬᠤ ᠶᠢ ᠴᠢᠩᠭᠠᠳᠬᠠᠵᠤ᠂ ᠨᠡᠩ ᠥᠨᠳᠥᠷ ᠵᠣᠭᠰᠣᠴᠠ ᠪᠠᠷ ᠪᠦᠬᠦ ᠬᠤᠰᠢᠭᠤᠨ ᠤ ᠰᠤᠷᠲᠠᠯ ᠤᠬᠠᠭᠤᠯᠭ᠎ᠠ | ᠦᠵᠡᠯ ᠰᠠᠨᠠᠭ᠎ᠠ ᠰᠣᠶᠣᠯ ᠤᠨ ᠠᠵᠢᠯ ᠤᠨ ᠦᠢᠯᠡᠰ ᠤᠨ ᠰᠢᠨ᠎ᠡ ᠪᠠᠶᠢᠳᠠᠯ ᠢ ᠡᠭᠦᠳᠬᠦ ᠬᠡᠷᠡᠭᠲᠡᠢ᠃ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠠᠵᠢᠯ ᠤᠨ ᠭᠤᠣᠯ ᠰᠢᠵᠢᠮ | ᠪᠣᠯᠭᠠᠵᠤ᠂ ᠦᠨᠳᠦᠰᠦᠲᠡᠨ ᠤ ᠪᠦᠯᠬᠦᠮᠳᠡᠯ ᠤᠨ ᠦᠯᠢᠭᠡᠷ ᠵᠢᠱᠢᠶ᠎ᠡ ᠶᠢ ᠰᠡᠳᠬᠢᠯ ᠲᠠᠯᠪᠢᠨ ᠰᠠᠶᠢᠲᠤᠷ ᠣᠬᠠᠭᠤᠯᠵᠤ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠤᠬᠠᠭᠤᠯᠭ᠎ᠠ | ᠬᠥᠮᠦᠵᠢᠯ ᠢ ᠦᠷᠭᠦᠯᠵᠢᠯᠡᠨ ᠴᠢᠩᠭᠠᠳᠬᠠᠬᠤ ᠬᠡᠷᠡᠭᠲᠡᠢ᠃ ᠰᠣᠨᠢᠨ ᠮᠡᠳᠡᠭᠡᠨ ᠤ ᠤᠬᠠᠭᠤᠯᠭ᠎ᠠ ᠶᠢᠨ ᠲᠠᠯ᠎ᠠ ᠪᠠᠷ ᠬᠦᠴᠦ | ᠣᠷᠣᠭᠤᠯᠵᠤ᠂ ᠳᠡᠭᠡᠳᠦ ᠱᠠᠲᠤᠨ ᠤ ᠭᠤᠣᠯ ᠵᠠᠭᠤᠴᠢᠯᠠᠭᠤᠷ ᠯᠤᠭ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠪᠠᠨ | ᠭᠦᠨᠵᠡᠭᠡᠶᠢᠷᠡᠭᠦᠯᠵᠦ᠂ ᠶᠠᠷᠢᠶ᠎ᠠ ᠬᠡᠯᠡᠯᠴᠡᠭᠡᠨ ᠤ ᠬᠦᠳᠦᠯᠦᠨ ᠵᠢᠯᠣᠭᠤᠳᠬᠤ ᠴᠢᠳᠠᠪᠤᠷᠢ ᠪᠠᠨ ᠳᠡᠭᠡᠭᠰᠢᠯᠡᠭᠦᠯᠵᠦ᠂ | ᠭᠠᠳᠠᠭᠠᠳᠤ ᠤᠬᠠᠭᠤᠯᠭ᠎ᠠ ᠶᠢᠨ ᠠᠵᠢᠯ ᠢ ᠰᠠᠶᠢᠲᠤᠷ ᠬᠢᠵᠦ᠂ ᠳᠣᠲᠣᠭᠠᠳᠤ ᠤᠬᠠᠭᠤᠯᠭ᠎ᠠ ᠭᠠᠳᠠᠭᠠᠳᠤ | ᠤᠬᠠᠭᠤᠯᠭ᠎ᠠ ᠶᠢᠨ ᠦᠢᠯᠡᠳᠦᠯ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠤᠮᠠᠷᠠᠲᠤ ᠬᠢᠯᠢ ᠶᠢᠨ | ᠰᠣᠶᠣᠯ ᠤᠨ ᠰᠤᠳᠤᠯᠭᠠᠨ ᠤ ᠶᠠᠰᠤ ᠴᠢᠨᠠᠷ᠂ ᠵᠣᠬᠢᠶᠠᠨ ᠪᠦᠲᠦᠭᠡᠬᠦ ᠬᠢᠷᠢ ᠲᠦᠪᠰᠢᠨ᠂ ᠳᠠᠮᠵᠢᠭᠤᠯᠭ᠎ᠠ ᠶᠢᠨ ᠶᠠᠰᠤ | ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠰᠣᠶᠣᠯ ᠤᠨ ᠥᠪ ᠤᠨ ᠰᠢᠰᠲ᠋ᠧᠮ ᠤᠨ ᠴᠢᠨᠠᠷᠲᠠᠶ ᠬᠠᠮᠠᠭᠠᠯᠠᠯᠲᠠ ᠶᠢ | ᠠᠬᠢᠭᠤᠯᠵᠤ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠲᠦᠷᠭᠡᠳᠬᠡᠵᠦ᠂ | ᠰᠣᠶᠣᠯ ᠤᠨ ᠪᠠᠶᠢᠭᠤᠯᠤᠮᠵᠢ ᠲᠣᠭᠲᠠᠴᠠ ᠶᠢᠨ ᠥᠭᠡᠷᠡᠴᠢᠯᠡᠯᠲᠡ ᠶᠢᠨ ᠡᠭᠦᠷᠭᠡ ᠶᠢ ᠰᠠᠶᠢᠲᠤᠷ ᠨᠠᠶᠢᠳᠠᠪᠤᠷᠢᠵᠢᠭᠤᠯᠵᠤ᠂ | ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠳᠡᠭᠡᠭᠰᠢᠯᠡᠭᠦᠯᠬᠦ ᠠᠵᠢᠯᠯᠠᠭ᠎ᠠ ᠶᠢ ᠪᠥᠬᠦ ᠬᠦᠴᠦᠨ ᠢᠶᠠᠷ ᠢᠶᠠᠨ | ᠰᠠᠶᠢᠲᠤᠷ ᠠᠳᠬᠤᠬᠤ ᠬᠡᠷᠡᠭᠲᠡᠶ᠃ ᠬᠦᠰᠡᠯᠡᠩ ᠢᠲᠡᠭᠡᠯ ᠪᠢᠰᠢᠷᠡᠯ ᠤᠨ ᠬᠥᠮᠦᠵᠢᠯ ᠢ ᠪᠠᠶᠢᠩᠭᠤᠵᠢᠭᠤᠯᠤᠨ | ᠳᠦᠷᠢᠮᠵᠢᠭᠦᠯᠬᠦ ᠶᠢ ᠠᠬᠢᠭᠤᠯᠵᠤ᠂ ᠠᠷᠠᠳ ᠢᠷᠭᠡᠳ ᠤᠨ ᠶᠣᠰᠣ ᠰᠤᠷᠲᠠᠬᠤᠨ ᠤ ᠪᠠᠶᠢᠭᠤᠯᠤᠯᠲᠠ ᠶᠢᠨ ᠢᠨᠵᠧᠨᠧᠷᠢᠩ ᠢ | ᠴᠢᠩᠭᠠᠳᠬᠠᠨ᠂ ᠪᠣᠯᠪᠠᠰᠤᠨ ᠢ ᠬᠥᠮᠦᠵᠢᠭᠦᠯᠬᠦ᠂ ᠪᠣᠯᠪᠠᠰᠤᠨ ᠢ ᠦᠢᠯᠡᠳᠦᠯᠭᠡᠵᠢᠭᠦᠯᠬᠦ᠂ ᠪᠣᠯᠪᠠᠰᠤᠨ ᠢ ᠡᠭᠦᠳᠦᠨ | ᠪᠠᠶᠢᠭᠤᠯᠬᠤ ᠠᠵᠢᠯ ᠤᠨ ᠲᠣᠭᠲᠠᠴᠠ ᠶᠢ ᠰᠠᠶᠢᠵᠢᠷᠠᠭᠤᠯᠤᠨ ᠰᠢᠨᠡᠴᠢᠯᠡᠵᠦ᠂ ᠪᠣᠯᠪᠠᠰᠤᠨ ᠠᠪᠠᠭ᠎ᠠ ᠶᠢᠨ | ᠪᠠᠶᠢᠭᠤᠯᠤᠯᠲᠠ ᠶᠢ ᠭᠦᠨᠵᠡᠭᠡᠢ ᠠᠬᠢᠭᠤᠯᠬᠤ ᠬᠡᠷᠡᠭᠲᠡᠢ᠃ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ | ᠬᠠᠷᠢᠭᠤᠴᠠᠯᠭ᠎ᠠ ᠶᠢᠨ ᠲᠦᠷᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠴᠢᠬᠤᠯᠠ ᠶᠡᠭᠡ ᠶᠠᠷᠢᠶ᠎ᠠ ᠬᠡᠯᠡᠯᠴᠡᠭᠡᠨ ᠤ | ᠪᠠᠶᠢᠳᠠᠯ ᠢ ᠲᠦᠷᠭᠡᠨ ᠠᠷᠭᠠᠴᠠᠨ ᠰᠢᠢᠳᠪᠦᠷᠢᠯᠡᠬᠦ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ ᠪᠦᠷᠢᠨᠰᠢᠭᠦᠯᠦᠨ | ᠲᠡᠭᠦᠯᠳᠡᠷᠵᠢᠭᠦᠯᠵᠦ᠂ ᠦᠵᠡᠯ ᠤᠬᠠᠮᠰᠠᠷ ᠤᠨ ᠬᠡᠯᠪᠡᠷᠢ ᠶᠢᠨ ᠵᠢᠭᠰᠠᠭᠠᠯ ᠤᠨ ᠭᠠᠵᠠᠷ ᠤᠨ ᠪᠠᠶᠢᠭᠤᠯᠤᠯᠲᠠ ᠪᠠ | ᠬᠠᠮᠢᠶᠠᠷᠤᠯᠲᠠ ᠶᠢ ᠴᠢᠩᠭᠠᠳᠬᠠᠨ᠂ ︽ᠱᠠᠯᠢᠭ ᠵᠠᠪᠬᠠᠶ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ | ᠴᠣᠬᠢᠯᠲᠠ ᠥᠭᠬᠦ︾ ᠲᠤᠰᠬᠠᠶ ᠠᠵᠢᠯᠯᠠᠭ᠎ᠠ ᠶᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠶᠢᠨ ᠳᠣᠯᠣᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠮᠠᠨ ᠤ ᠬᠤᠰᠢᠭᠤᠨ ᠤ ᠦᠵᠡᠯ | ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠤᠨ ᠲᠤᠰᠬᠠᠶ ᠪᠠᠶᠢᠴᠠᠭᠠᠯᠲᠠ ᠶᠢᠨ ᠬᠠᠷᠢᠭᠤ | ᠲᠤᠰᠬᠠᠭᠰᠠᠨ ᠰᠠᠨᠠᠯ ᠢᠶᠠᠷ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠬᠢᠵᠦ᠂ ᠦᠵᠡᠯ ᠤᠬᠠᠮᠰᠠᠷ ᠤᠨ ᠬᠡᠯᠪᠡᠷᠢ ᠶᠢᠨ | ᠠᠮᠤᠷ ᠲᠦᠪᠰᠢᠨ ᠢ ᠡᠷᠡᠰ ᠬᠠᠮᠠᠭᠠᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠠᠪᠠᠭ᠎ᠠ ᠶᠢᠨ | ᠬᠠᠭᠤᠳᠠᠰᠤ ᠶᠢ ᠪᠢᠴᠢᠭᠯᠡᠬᠦ ᠳᠤ ᠨᠠᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠶ ᠭᠡᠵᠡᠶ᠃ | ᠡᠯ᠎ᠡ ᠰᠤᠮᠤ ᠪᠠᠯᠭᠠᠰᠤᠨ ᠤ ᠨᠠᠮ ᠤᠨ ᠬᠤᠷᠢᠶᠠᠨ ᠤ ᠱᠦᠵᠢ᠂ ᠤᠬᠠᠭᠤᠯᠬᠤ ᠭᠡᠰᠢᠭᠦᠨ᠂ ᠬᠤᠰᠢᠭᠤ ᠰᠢᠭᠤᠳ | ᠬᠠᠷᠢᠶ᠎ᠠ ᠡᠯ᠎ᠡ ᠨᠢᠭᠡᠴᠡ ᠶᠢᠨ ᠬᠠᠷᠢᠭᠤᠴᠠᠯᠭᠠᠲᠠᠨ᠂ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ | ᠰᠢᠰᠲ᠋ᠧᠮ ᠤᠨ ᠺᠠᠳ᠋ᠷ ᠠᠵᠢᠯᠲᠠᠨ ᠬᠤᠷᠠᠯ ᠳᠤ ᠣᠷᠣᠯᠴᠠᠪᠠ᠃ |