ᠠᠪᠠᠭ᠎ᠠ ᠬᠤᠰᠢᠭᠤᠨ ᠤ 2025 ᠣᠨ ᠤ ᠠᠶᠤᠩᠭ᠎ᠠ ᠴᠠᠬᠢᠯᠭᠠᠨ ᠠᠴᠠ ᠰᠡᠷᠭᠡᠶᠢᠯᠡᠨ ᠬᠠᠮᠠᠭᠠᠯᠠᠬᠤ ᠲᠥᠬᠦᠭᠡᠷᠦᠮᠵᠢ ᠶᠢ ᠪᠠᠶᠢᠴᠠᠭᠠᠨ ᠬᠡᠮᠵᠢᠬᠦ ᠠᠯᠪᠠᠨ ᠵᠠᠷᠯᠠᠯ
ᠨᠡᠶᠢᠲᠡᠯᠡᠭᠰᠡᠨ ᠴᠠᠭ᠄
2025/3/26
     ᠠᠶᠤᠩᠭ᠎ᠠ ᠴᠠᠬᠢᠯᠭᠠᠨ ᠤ ᠭᠠᠮᠰᠢᠭ ᠢ ᠰᠡᠷᠭᠡᠶᠢᠯᠡᠬᠦ ᠠᠵᠢᠯ ᠢ ᠴᠢᠩᠭᠠᠳᠬᠠᠵᠤ᠂ ᠣᠯᠠᠨ ᠨᠡᠶᠢᠲᠡ ᠶᠢᠨ ᠠᠮᠤᠷ ᠲᠦᠪᠰᠢᠨ ᠢ ᠬᠠᠮᠠᠭᠠᠯᠠᠨ᠂ ᠡᠶ᠎ᠡ ᠵᠣᠬᠢᠴᠠᠯ ᠲᠠᠢ ᠨᠡᠶᠢᠭᠡᠮ ᠢ ᠪᠠᠶᠢᠭᠤᠯᠬᠤ ᠶᠢᠨ ᠲᠥᠯᠥᠭᠡ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠴᠠᠭ ᠠᠭᠤᠷ ᠤᠨ ᠬᠠᠤᠯᠢ︾᠂ ︽ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠲᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠠᠭ ᠠᠭᠤᠷ ᠤᠨ ᠲᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠶᠤᠩᠭ᠎ᠠ ᠠᠴᠠ ᠰᠡᠷᠭᠡᠶᠢᠯᠡᠨ ᠭᠠᠮᠰᠢᠭ ᠢ ᠪᠠᠭᠠᠰᠬᠠᠬᠤ ᠬᠠᠮᠢᠶᠠᠷᠤᠯᠲᠠ ᠶᠢᠨ ᠠᠷᠭ᠎ᠠ︾ ᠵᠡᠷᠭᠡ ᠬᠠᠤᠯᠢ ᠴᠠᠭᠠᠵᠠ᠂ ᠬᠠᠤᠯᠢ ᠲᠣᠭᠲᠠᠭᠠᠯ ᠤᠨ ᠲᠣᠭᠲᠠᠭᠠᠯ ᠶᠣᠰᠣᠭᠠᠷ᠂ ᠡᠳᠦᠭᠡ ᠠᠪᠠᠭ᠎ᠠ ᠬᠤᠰᠢᠭᠤᠨ ᠤ 2025 ᠣᠨ ᠤ ᠠᠶᠤᠩᠭ᠎ᠠ ᠴᠠᠬᠢᠯᠭᠠᠨ ᠠᠴᠠ ᠰᠡᠷᠭᠡᠶᠢᠯᠡᠨ ᠬᠠᠮᠠᠭᠠᠯᠠᠬᠤ ᠲᠥᠬᠦᠭᠡᠷᠦᠮᠵᠢ ᠶᠢᠨ ᠠᠮᠤᠷ ᠲᠦᠪᠰᠢᠨ ᠢ ᠪᠠᠶᠢᠴᠠᠭᠠᠨ ᠬᠡᠮᠵᠢᠬᠦ ᠬᠤᠯᠪᠣᠭᠳᠠᠯ ᠪᠥᠬᠦᠶ ᠵᠦᠢᠯᠡᠰ ᠢ ᠳᠣᠤᠷᠠᠬᠢ ᠮᠡᠲᠦ ᠵᠠᠷᠯᠠᠶ᠎ᠠ᠄      ᠨᠢᠭᠡ᠂ ᠠᠶᠤᠩᠭ᠎ᠠ ᠴᠠᠬᠢᠯᠭᠠᠨ ᠢ ᠰᠡᠷᠭᠡᠶᠢᠯᠡᠨ ᠬᠠᠮᠠᠭᠠᠯᠠᠬᠤ ᠲᠣᠨᠣᠭᠯᠠᠯ ᠢ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠨ ᠬᠡᠮᠵᠢᠬᠦ ᠳᠦᠷᠢᠮ ᠢ ᠬᠡᠷᠡᠭᠵᠢᠭᠦᠯᠬᠦ ᠬᠡᠷᠡᠭᠲᠡᠶ᠃ ᠠᠶᠤᠩᠭ᠎ᠠ ᠴᠠᠬᠢᠯᠭᠠᠨ ᠢ ᠰᠡᠷᠭᠡᠶᠢᠯᠡᠨ ᠬᠠᠮᠠᠭᠠᠯᠠᠬᠤ ᠲᠥᠬᠦᠭᠡᠷᠦᠮᠵᠢ ᠶᠢ ᠵᠢᠯ ᠪᠦᠷᠢ ᠨᠢᠭᠡ ᠤᠳᠠᠭ᠎ᠠ ᠪᠠᠶᠢᠴᠠᠭᠠᠨ ᠬᠡᠮᠵᠢᠵᠦ᠂ ᠨᠣᠴᠣᠮᠠᠲᠠᠭᠠᠶ ᠳᠡᠯᠪᠡᠷᠡᠮᠡᠲᠡᠭᠡᠶ ᠪᠣᠳᠠᠰ ᠪᠣᠯᠤᠨ ᠠᠶᠤᠯᠲᠠᠶ ᠬᠢᠮᠢ ᠶᠢᠨ ᠵᠦᠢᠯ᠂ ᠬᠠᠳᠠᠭᠠᠯᠠᠬᠤ ᠪᠡᠯᠡᠳᠬᠡᠮᠵᠢ ᠵᠢᠴᠢ ᠲᠠᠯᠠᠪᠤᠷ ᠭᠠᠵᠠᠷ ᠤᠨ ᠠᠶᠤᠩᠭ᠎ᠠ ᠴᠠᠬᠢᠯᠭᠠᠨ ᠢ ᠰᠡᠷᠭᠡᠶᠢᠯᠡᠨ ᠬᠠᠮᠠᠭᠠᠯᠠᠬᠤ ᠲᠣᠨᠣᠭᠯᠠᠯ ᠢ ᠵᠢᠯ ᠪᠦᠷᠢ ᠨᠢᠭᠡ ᠤᠳᠠᠭ᠎ᠠ ᠪᠠᠶᠢᠴᠠᠭᠠᠨ ᠬᠡᠮᠵᠢᠨ᠎ᠡ᠃ ᠺᠣᠮᠫᠢᠦ᠋ᠲ᠋ᠧᠷ ᠤᠨ ᠥᠷᠥᠭᠡ᠂ ᠲᠣᠰᠣ ᠨᠡᠮᠡᠬᠦ ︵ᠬᠡᠢ︶ ᠥᠷᠲᠡᠭᠡ ᠵᠡᠷᠭᠡ ᠨᠣᠴᠣᠮᠠᠲᠠᠭᠠᠶ ᠳᠡᠯᠪᠡᠷᠡᠮᠡᠲᠡᠭᠡᠶ ᠲᠠᠯᠠᠪᠤᠷ ᠲᠤ ᠠᠶᠤᠩᠭ᠎ᠠ ᠴᠠᠬᠢᠯᠭᠠᠨ ᠢ ᠰᠡᠷᠭᠡᠶᠢᠯᠡᠨ ᠬᠠᠮᠠᠭᠠᠯᠠᠬᠤ ᠲᠣᠨᠣᠭᠯᠠᠯ ᠢ ᠪᠠᠶᠢᠴᠠᠭᠠᠨ ᠬᠡᠮᠵᠢᠬᠦ ᠶᠢᠨ ᠬᠠᠮᠲᠤ ᠲᠠᠢᠪᠤᠩ ᠴᠠᠬᠢᠯᠭᠠᠨ ᠲᠥᠬᠦᠭᠡᠷᠦᠮᠵᠢ ᠶᠢ ᠪᠠᠶᠢᠴᠠᠭᠠᠨ ᠬᠡᠮᠵᠢᠨ᠎ᠡ᠃ ᠪᠥᠬᠦ ᠬᠤᠰᠢᠭᠤᠨ ᠤ ᠡᠯ᠎ᠡ ᠵᠠᠰᠠᠭ ᠵᠠᠬᠢᠷᠭᠠᠨ᠂ ᠠᠵᠢᠯ ᠦᠢᠯᠡᠰ᠂ ᠠᠵᠤ ᠠᠬᠤᠶᠢᠯᠠᠯ ᠤᠨ ᠨᠢᠭᠡᠴᠡ ᠠᠶᠤᠩᠭ᠎ᠠ ᠴᠠᠬᠢᠯᠭᠠᠨ ᠢ ᠰᠡᠷᠭᠡᠶᠢᠯᠡᠨ ᠬᠠᠮᠠᠭᠠᠯᠠᠬᠤ ᠲᠣᠨᠤᠭ ᠲᠥᠬᠦᠭᠡᠷᠦᠮᠵᠢ ᠶᠢ ᠪᠠᠶᠢᠴᠠᠭᠠᠨ ᠰᠢᠯᠭᠠᠬᠤ ᠬᠢᠷᠢ ᠬᠡᠮ ᠲᠠᠢ ᠵᠢᠩᠬᠢᠨᠢ ᠠᠵᠤ ᠠᠬᠤᠶᠢᠯᠠᠯ ︵ᠠᠵᠢᠯ ᠦᠢᠯᠡᠰ︶ ᠤᠨ ᠨᠢᠭᠡᠴᠡ ᠳᠤ ᠠᠶᠤᠩᠭ᠎ᠠ ᠴᠠᠬᠢᠯᠭᠠᠨ ᠢ ᠰᠡᠷᠭᠡᠶᠢᠯᠡᠨ ᠬᠠᠮᠠᠭᠠᠯᠠᠬᠤ ᠲᠣᠨᠤᠭ ᠲᠥᠬᠦᠭᠡᠷᠦᠮᠵᠢ ᠶᠢ ᠪᠠᠶᠢᠴᠠᠭᠠᠨ ᠰᠢᠯᠭᠠᠬᠤ ᠪᠠᠷ ᠮᠡᠳᠡᠭᠦᠯᠵᠦ᠂ ᠪᠠᠶᠢᠴᠠᠭᠠᠨ ᠰᠢᠯᠭᠠᠬᠤ ᠳᠤ ᠬᠢᠷᠢ ᠲᠡᠩᠴᠡᠭᠰᠡᠨ ᠥᠬᠡᠶ ᠠᠶᠤᠩᠭ᠎ᠠ ᠠᠴᠠ ᠰᠡᠷᠭᠡᠶᠢᠯᠡᠬᠦ ᠲᠣᠨᠤᠭ ᠲᠥᠬᠦᠭᠡᠷᠦᠮᠵᠢ ᠶᠢ ᠡᠯ᠎ᠡ ᠨᠢᠭᠡᠴᠡ ᠠᠴᠠ ᠴᠠᠭ ᠲᠤᠬᠠᠶ ᠳᠤᠨᠢ ᠴᠡᠭᠴᠡᠯᠡᠨ ᠰᠠᠶᠢᠵᠢᠷᠠᠭᠤᠯᠵᠤ᠂ ᠲᠤᠬᠠᠶ ᠶᠢᠨ ᠭᠠᠵᠠᠷ ᠤᠨ ᠴᠠᠭ ᠠᠭᠤᠷ ᠤᠨ ᠭᠤᠤᠯᠴᠢᠯᠠᠨ ᠬᠠᠮᠢᠶᠠᠷᠬᠤ ᠪᠠᠶᠢᠭᠤᠯᠤᠮᠵᠢ ᠪᠠ ᠪᠤᠰᠤᠳ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠮᠢᠶᠠᠷᠤᠯᠲᠠ ᠪᠠ ᠬᠢᠨᠠᠯᠲᠠ ᠪᠠᠶᠢᠴᠠᠭᠠᠯᠲᠠ ᠶᠢ ᠬᠦᠯᠢᠶᠡᠬᠦ ᠬᠡᠷᠡᠭᠲᠡᠶ᠃      ᠬᠤᠶᠠᠷ᠂ ᠰᠢᠶᠠᠨ ᠤ ᠱᠠᠲᠤᠨ ᠠᠴᠠ ᠳᠡᠭᠡᠭᠰᠢᠬᠢ ᠴᠠᠭ ᠠᠭᠤᠷ ᠤᠨ ᠭᠤᠤᠯᠴᠢᠯᠠᠨ ᠬᠠᠮᠢᠶᠠᠷᠬᠤ ᠪᠠᠶᠢᠭᠤᠯᠤᠮᠵᠢ ᠨᠤᠭᠤᠳ ᠬᠠᠤᠯᠢ ᠪᠠᠷ ᠲᠣᠭᠲᠠᠭᠠᠭᠰᠠᠨ ᠠᠶᠤᠩᠭ᠎ᠠ ᠠᠴᠠ ᠰᠡᠷᠭᠡᠶᠢᠯᠡᠬᠦ ᠠᠶᠤᠯᠭᠦᠢ ᠶᠢᠨ ᠬᠢᠨᠠᠯᠲᠠ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠪᠠᠨ ᠦᠨᠡᠨᠬᠦ ᠭᠦᠢᠴᠡᠳᠬᠡᠬᠦ ᠬᠡᠷᠡᠭᠲᠡᠶ᠃ ᠲᠣᠰᠣᠨ ᠬᠥᠮᠥᠷᠭᠡ᠂ ᠬᠡᠢ ᠶᠢᠨ ᠬᠥᠮᠥᠷᠭᠡ᠂ ᠰᠤᠮᠤ ᠳᠠᠷᠢ ᠶᠢᠨ ᠬᠥᠮᠥᠷᠭᠡ᠂ ᠬᠢᠮᠢ ᠶᠢᠨ ᠪᠣᠳᠠᠰ ᠤᠨ ᠬᠥᠮᠥᠷᠭᠡ᠂ ᠬᠤᠸᠠᠷ ᠫᠤᠤᠵᠢᠩ᠂ ᠴᠢᠯᠠᠭᠤᠨ ᠲᠣᠰᠣ ᠬᠢᠮᠢ ᠶᠢᠨ ᠠᠵᠤ ᠦᠢᠯᠡᠳᠪᠦᠷᠢ᠂ ᠵᠢᠭᠤᠯᠴᠢᠯᠠᠯ ᠤᠨ ᠦᠵᠡᠮᠵᠢ ᠶᠢᠨ ᠲᠤᠭᠤᠷᠢᠭ ᠵᠡᠷᠭᠡ ᠠᠶᠤᠩᠭ᠎ᠠ ᠠᠴᠠ ᠰᠡᠷᠭᠡᠶᠢᠯᠡᠬᠦ ᠠᠮᠤᠷ ᠲᠦᠪᠰᠢᠨ ᠤ ᠭᠤᠤᠯᠳᠠᠯᠭ᠎ᠠ ᠲᠠᠢ ᠨᠢᠭᠡᠴᠡ ᠶᠢ ᠱᠠᠯᠠᠪᠳᠠᠭᠤᠯᠤᠨ ᠵᠢᠯᠣᠭᠤᠳᠴᠤ ᠠᠶᠤᠩᠭ᠎ᠠ ᠴᠠᠬᠢᠯᠭᠠᠨ ᠤ ᠭᠠᠶ ᠭᠠᠮᠰᠢᠭ ᠤᠨ ᠠᠳᠡᠯ ᠤᠨ ᠳᠠᠯᠳᠠ ᠭᠡᠮ ᠢ ᠴᠡᠭᠴᠡᠯᠡᠨ ᠰᠠᠶᠢᠵᠢᠷᠠᠭᠤᠯᠵᠤ᠂ ᠠᠶᠤᠩᠭ᠎ᠠ ᠠᠴᠠ ᠰᠡᠷᠭᠡᠶᠢᠯᠡᠬᠦ ᠠᠮᠤᠷ ᠲᠦᠪᠰᠢᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠶ᠃ ᠠᠶᠤᠩᠭ᠎ᠠ ᠴᠠᠬᠢᠯᠭᠠᠨ ᠠᠴᠠ ᠰᠡᠷᠭᠡᠶᠢᠯᠡᠨ ᠬᠠᠮᠠᠭᠠᠯᠠᠬᠤ ᠲᠣᠨᠤᠭ ᠲᠥᠬᠦᠭᠡᠷᠦᠮᠵᠢ ᠶᠢ ᠪᠠᠶᠢᠴᠠᠭᠠᠨ ᠬᠡᠮᠵᠢᠬᠦ ᠪᠠᠶᠢᠭᠤᠯᠤᠮᠵᠢ ᠶᠢ ᠱᠠᠯᠠᠪᠳᠠᠭᠤᠯᠤᠨ ᠪᠠᠶᠢᠴᠠᠭᠠᠨ ᠬᠡᠮᠵᠢᠬᠦ ᠦᠢᠯᠡ ᠠᠵᠢᠯᠯᠠᠭ᠎ᠠ ᠶᠢ ᠦᠨᠡᠨᠬᠦ ᠵᠢᠷᠤᠮᠵᠢᠭᠤᠯᠵᠤ᠂ ᠠᠶᠤᠩᠭ᠎ᠠ ᠠᠴᠠ ᠰᠡᠷᠭᠡᠶᠢᠯᠡᠬᠦ ᠠᠶᠤᠯᠭᠦᠢ ᠶᠢ ᠪᠠᠶᠢᠴᠠᠭᠠᠨ ᠬᠡᠮᠵᠢᠬᠦ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠶ᠃      ᠭᠤᠷᠪᠠ᠂ ᠠᠶᠤᠩᠭ᠎ᠠ ᠠᠴᠠ ᠰᠡᠷᠭᠡᠶᠢᠯᠡᠬᠦ ᠢᠨᠵᠧᠨᠧᠷᠢᠩ ᠤᠨ ᠪᠠᠷᠢᠯᠭ᠎ᠠ ᠪᠠᠶᠢᠭᠤᠯᠬᠤ ᠨᠢᠭᠡᠴᠡ ᠵᠦᠪᠰᠢᠶᠡᠷᠡᠯ  ᠲᠠᠢ ᠵᠢᠷᠤᠭ ᠲᠥᠯᠥᠪᠯᠡᠭᠡᠨ ᠤ ᠲᠥᠰᠦᠯ ᠤᠨ ᠶᠣᠰᠣᠭᠠᠷ ᠪᠠᠷᠢᠯᠭ᠎ᠠ ᠪᠠᠷᠢᠬᠤ ᠬᠡᠷᠡᠭᠲᠡᠶ᠃ ᠡᠭᠦᠨ ᠤ ᠬᠠᠮᠲᠤ ᠪᠠᠷᠢᠯᠭ᠎ᠠ ᠶᠢᠨ ᠠᠵᠢᠯ ᠤᠨ ᠠᠬᠢᠴᠠ ᠶᠢ ᠦᠨᠳᠦᠰᠦᠯᠡᠨ᠂ ᠠᠶᠤᠩᠭ᠎ᠠ ᠴᠠᠬᠢᠯᠭᠠᠨ ᠠᠴᠠ ᠰᠡᠷᠭᠡᠶᠢᠯᠡᠨ ᠬᠠᠮᠠᠭᠠᠯᠠᠬᠤ ᠲᠣᠨᠤᠭ ᠲᠥᠬᠦᠭᠡᠷᠦᠮᠵᠢ ᠶᠢ ᠪᠠᠶᠢᠴᠠᠭᠠᠨ ᠬᠡᠮᠵᠢᠬᠦ ᠬᠢᠷᠢ ᠬᠡᠮ ᠲᠠᠢ ᠵᠢᠩᠬᠢᠨᠢ ᠠᠵᠤ ᠠᠬᠤᠶᠢᠯᠠᠯ ︵ᠠᠵᠢᠯ︶ ᠤᠨ ᠨᠢᠭᠡᠴᠢ ᠳᠤ ᠮᠡᠳᠡᠭᠳᠡᠵᠦ ᠠᠶᠤᠩᠭ᠎ᠠ ᠴᠠᠬᠢᠯᠭᠠᠨ ᠠᠴᠠ ᠰᠡᠷᠭᠡᠶᠢᠯᠡᠨ ᠬᠠᠮᠠᠭᠠᠯᠠᠬᠤ ᠲᠣᠨᠤᠭ ᠲᠥᠬᠦᠭᠡᠷᠦᠮᠵᠢ ᠶᠢ ᠮᠥᠷᠳᠡᠨ ᠪᠠᠶᠢᠴᠠᠭᠠᠨ ᠬᠡᠮᠵᠢᠬᠦ ᠬᠡᠷᠡᠭᠲᠡᠢ᠃      ᠬᠢᠨᠠᠯᠲᠠ ᠲᠠᠯᠪᠢᠬᠤ ᠤᠲᠠᠰᠤ᠄ 0479 - 2242890      ᠠᠪᠠᠭ᠎ᠠ ᠬᠤᠰᠢᠭᠤᠨ ᠤ ᠴᠠᠭ ᠠᠭᠤᠷ ᠤᠨ ᠲᠣᠪᠴᠢᠶ᠎ᠠ      2025 ᠣᠨ ᠤ 3 ᠰᠠᠷ᠎ᠠ ᠶᠢᠨ 14 ᠤ ᠡᠳᠦᠷ
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号