ᠠᠪᠠᠭ᠎ᠠ ᠬᠤᠰᠢᠭᠤ 2025 ᠣᠨ ᠤ ᠰᠠᠯᠠᠭ᠎ᠠ ᠲᠠᠰ ᠤᠨ ᠤᠳᠤᠷᠢᠳᠬᠤ ᠺᠠᠳ᠋ᠷ ᠤᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠ ᠤᠯᠤᠰ ᠲᠥᠷᠥ ᠶᠢᠨ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠯ ᠤᠨ ᠠᠩᠭᠢ ᠵᠢᠴᠢ ᠬᠤᠰᠢᠭᠤ ᠨᠠᠮ ᠤᠨ ᠰᠤᠷᠭᠠᠭᠤᠯᠢ ᠶᠢᠨ ᠬᠠᠪᠤᠷ ᠤᠨ ᠤᠯᠠᠷᠢᠯ ᠤᠨ ᠪᠣᠯᠪᠠᠰᠤᠷᠠᠯ ᠤᠨ ᠠᠩᠭᠢ ᠡᠬᠢᠯᠡᠪᠡ
ᠨᠡᠶᠢᠲᠡᠯᠡᠭᠰᠡᠨ ᠴᠠᠭ᠄
2025/3/28
     3 ᠰᠠᠷ᠎ᠠ ᠶᠢᠨ 19 ᠤ ᠡᠳᠦᠷ᠂ ᠠᠪᠠᠭ᠎ᠠ ᠬᠤᠰᠢᠭᠤ 2025 ᠣᠨ ᠤ ᠰᠠᠯᠠᠭ᠎ᠠ ᠲᠠᠰ ᠤᠨ ᠤᠳᠤᠷᠢᠳᠬᠤ ᠺᠠᠳ᠋ᠷ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠ ᠤᠯᠤᠰ ᠲᠥᠷᠥ ᠶᠢᠨ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠯ ᠤᠨ ᠠᠩᠭᠢ ᠵᠢᠴᠢ ᠬᠤᠰᠢᠭᠤ ᠨᠠᠮ ᠤᠨ ᠰᠤᠷᠭᠠᠭᠤᠯᠢ ᠶᠢᠨ ᠬᠠᠪᠤᠷ ᠤᠨ ᠤᠯᠠᠷᠢᠯ ᠤᠨ ᠪᠣᠯᠪᠠᠰᠤᠷᠠᠯ ᠤᠨ ᠠᠩᠭᠢ ᠵᠢᠩᠬᠢᠨᠢ ᠪᠠᠷ ᠬᠢᠴᠢᠶᠡᠯ ᠡᠬᠢᠯᠡᠪᠡ᠃ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠥᠪᠯᠡᠯ ᠤᠨ ᠳᠡᠳ᠋ ᠡᠷᠬᠢᠯᠡᠭᠴᠢ᠂ ᠬᠤᠰᠢᠭᠤ ᠨᠠᠮ ᠤᠨ ᠬᠤᠷᠢᠶᠠᠨ ᠤ ᠱᠦᠵᠢ ᠪᠠ ᠨᠠᠮ ᠤᠨ ᠰᠤᠷᠭᠠᠭᠤᠯᠢ ᠶᠢᠨ ᠵᠠᠬᠢᠷᠤᠯ ᠰᠦᠨ ᠵᠢᠶᠦ᠋ᠨ ᠰᠤᠷᠤᠯᠭ᠎ᠠ ᠡᠬᠢᠯᠡᠬᠦ ᠶᠣᠰᠣᠯᠠᠯ ᠳᠤ ᠣᠷᠣᠯᠴᠠᠨ ᠶᠠᠷᠢᠶ᠎ᠠ ᠲᠠᠯᠪᠢᠵᠤ᠂ ︽7 · 1︾ ᠤ ᠭᠠᠪᠢᠶᠠᠨ ᠲᠡᠮᠳᠡᠭ ᠬᠦᠷᠲᠡᠭᠴᠢ ᠲᠢᠩ ᠪᠠᠭᠠᠲᠤᠷ ᠨᠦᠬᠦᠷ ᠰᠤᠷᠤᠯᠭ᠎ᠠ ᠡᠬᠢᠯᠡᠬᠦ ᠶᠣᠰᠣᠯᠠᠯ ᠳᠤ ᠣᠷᠣᠯᠴᠠᠵᠤ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠳ᠋ᠤᠸᠠᠨ ᠵᠧᠨ ᠬᠤᠸᠠ ᠰᠤᠷᠤᠯᠭ᠎ᠠ ᠡᠬᠢᠯᠡᠬᠦ ᠶᠣᠰᠣᠯᠠᠯ ᠢ ᠡᠷᠭᠢᠯᠡᠪᠡ᠃      ᠰᠤᠷᠤᠯᠭ᠎ᠠ ᠡᠬᠢᠯᠡᠬᠦ ᠶᠣᠰᠣᠯᠠᠯ ᠳᠡᠭᠡᠷ᠎ᠡ᠂ ᠰᠦᠨ ᠵᠢᠶᠦ᠋ᠨ ᠴᠢᠬᠤᠯᠠᠴᠢᠯᠠᠭᠰᠠᠨ ᠨᠢ᠂ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠰᠤᠷᠤᠯᠴᠠᠯᠭ᠎ᠠ ᠶᠢᠨ ᠴᠢᠬᠤᠯᠠ ᠴᠢᠨᠠᠷ ᠪᠠ ᠵᠠᠶᠢᠯᠠᠰᠢ ᠥᠬᠡᠶ ᠴᠢᠨᠠᠷ ᠢ ᠭᠦᠨᠵᠡᠭᠡᠶ ᠲᠠᠨᠢᠵᠤ᠂ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠬᠦ᠂ ᠰᠤᠷᠤᠯᠴᠠᠯᠭ᠎ᠠ ᠶᠢᠨ ᠭᠤᠤᠯᠳᠠᠯᠭ᠎ᠠ ᠪᠠᠨ ᠳᠣᠪᠤᠶᠢᠯᠭᠠᠬᠤ᠂ ᠰᠤᠷᠤᠯᠴᠠᠬᠤ ᠠᠷᠭ᠎ᠠ ᠶᠢ ᠡᠵᠡᠮᠰᠢᠬᠦ ᠪᠠᠷ ᠭᠠᠷᠳᠠᠴᠠ ᠪᠣᠯᠭᠠᠵᠤ᠂ ︽ᠶᠠᠭᠤᠨ ᠳᠤ ᠰᠤᠷᠤᠯᠴᠠᠬᠤ᠂ ᠶᠠᠭᠤ ᠶᠢ ᠰᠤᠷᠤᠯᠴᠠᠬᠤ᠂ ᠬᠡᠷᠬᠢᠨ ᠰᠤᠷᠤᠯᠴᠠᠬᠤ︾ ᠠᠰᠠᠭᠤᠳᠠᠯ ᠢ ᠤᠯᠠᠮ ᠴᠢᠨᠠᠭᠰᠢᠳᠠ ᠰᠢᠢᠳᠪᠦᠷᠢᠯᠡᠬᠦ ᠬᠡᠷᠡᠭᠲᠡᠶ᠃ ᠣᠶᠤᠨ ᠴᠢᠳᠠᠯ ᠢᠶᠠᠨ ᠲᠥᠪᠯᠡᠷᠡᠭᠦᠯᠦᠨ᠂ ᠠᠵᠠ ᠲᠣᠬᠢᠶᠠᠯ ᠢ ᠡᠵᠡᠮᠳᠡᠵᠦ᠂ ᠣᠷᠭᠢᠯᠤᠮ᠎ᠠ ᠬᠠᠯᠠᠭᠤᠨ ᠰᠤᠷᠤᠯᠴᠠᠯᠭ᠎ᠠ ᠪᠠᠷ ᠪᠣᠯᠪᠠᠰᠤᠷᠠᠯ ᠳᠤ ᠣᠷᠣᠯᠴᠠᠵᠤ᠂ ᠦᠵᠡᠯ ᠰᠠᠨᠠᠭᠠᠨ ᠤ ᠲᠠᠯ᠎ᠠ ᠪᠠᠷ ᠰᠢᠨ᠎ᠡ ᠳᠡᠭᠡᠭᠰᠢᠯᠡᠯᠲᠡ ᠲᠠᠢ᠂ ᠰᠤᠷᠲᠠᠯ ᠤᠨ ᠲᠠᠯ᠎ᠠ ᠪᠠᠷ ᠰᠢᠨ᠎ᠡ ᠰᠠᠶᠢᠵᠢᠷᠠᠯᠲᠠ ᠲᠠᠢ᠂ ᠮᠡᠳᠡᠯᠭᠡ ᠶᠢᠨ ᠲᠠᠯ᠎ᠠ ᠪᠠᠷ ᠰᠢᠨ᠎ᠡ ᠬᠤᠷᠠᠮᠳᠤᠭᠤᠯᠤᠯ ᠲᠠᠢ ᠪᠣᠯᠬᠤ ᠪᠠᠷ ᠴᠢᠷᠮᠠᠶᠢᠵᠤ᠂ ᠡᠭᠦᠨ ᠤ ᠤᠯᠠᠮ ᠠᠴᠠ ᠰᠢᠨ᠎ᠡ ᠴᠠᠭ ᠦᠶ᠎ᠡ ᠶᠢᠨ ᠬᠥᠭᠵᠢᠯᠲᠡ ᠶᠢᠨ ᠠᠶᠠᠨ ᠤ ᠳᠤᠮᠳᠠ ᠢᠳᠡᠪᠬᠢᠯᠡᠨ ᠤᠷᠤᠭᠰᠢᠯᠠᠵᠤ᠂ ᠤᠷᠤᠰᠬᠠᠯ ᠤᠨ ᠡᠮᠦᠨ᠎ᠡ ᠭᠠᠪᠰᠢᠭᠠᠶᠢᠯᠠᠬᠤ ᠬᠡᠷᠡᠭᠲᠡᠢ᠃ ᠬᠤᠰᠢᠭᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠰᠢᠨ᠎ᠡ ᠶᠢ ᠡᠭᠦᠳᠦᠨ ᠳᠡᠭᠡᠭᠰᠢᠯᠡᠭᠦᠯᠬᠦ ᠭᠤᠷᠪᠠᠨ ᠵᠢᠯ ᠤᠨ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠵᠦ᠂ ᠤᠯᠤᠰ ᠲᠥᠷᠥ ᠪᠠᠷ ᠰᠤᠷᠭᠠᠭᠤᠯᠢ ᠪᠠᠶᠢᠭᠤᠯᠬᠤ᠂ ᠶᠠᠰᠤ ᠴᠢᠨᠠᠷ ᠢᠶᠠᠷ ᠰᠤᠷᠭᠠᠭᠤᠯᠢ ᠪᠠᠶᠢᠭᠤᠯᠬᠤ᠂ ᠰᠤᠷᠭᠠᠭᠤᠯᠢ ᠶᠢ ᠴᠢᠩᠭ᠎ᠠ ᠵᠠᠰᠠᠬᠤ ᠶᠢ ᠪᠥᠬᠦ ᠲᠠᠯ᠎ᠠ ᠪᠠᠷ ᠠᠬᠢᠭᠤᠯᠵᠤ᠂ ᠠᠵᠢᠯ ᠤᠨ ᠰᠢᠨᠵᠢᠯᠡᠬᠦ ᠤᠬᠠᠭᠠᠨᠴᠢᠯᠠᠯᠲᠠ᠂ ᠳᠦᠷᠢᠮᠵᠢᠯᠲᠡ᠂ ᠵᠢᠷᠤᠮᠵᠢᠯᠲᠠ ᠶᠢᠨ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ᠃      ᠳᠠᠷᠠᠭ᠎ᠠ ᠨᠢ᠂ ᠲᠢᠩ ᠪᠠᠭᠠᠲᠤᠷ ᠨᠦᠬᠦᠷ ᠥᠪᠡᠷ ᠤᠨ ᠣᠶᠢᠯᠠᠭᠠᠯᠲᠠ ᠲᠠᠢ ᠪᠠᠨ ᠤᠶᠠᠯᠳᠤᠭᠤᠯᠤᠨ᠂ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠭᠤᠤᠯᠳᠠᠯᠭ᠎ᠠ ᠲᠠᠢ ᠠᠭᠤᠯᠭ᠎ᠠ ᠶᠢ ᠨᠠᠷᠢᠨ ᠲᠠᠶᠢᠯᠪᠤᠷᠢᠯᠠᠵᠤ᠂ ᠶᠡᠷᠦᠩᠬᠡᠶ ᠱᠦᠵᠢ ᠰᠢ ᠶᠢᠨ ᠫᠢᠩ ᠤᠨ ᠪᠥᠬᠦ ᠤᠯᠤᠰ ᠤᠨ ︽ᠬᠤᠶᠠᠷ ᠬᠤᠷᠠᠯ︾ ᠤᠨ ᠬᠤᠭᠤᠴᠠᠭᠠᠨ ᠳᠠᠬᠢ ᠰᠢᠷᠢᠰ ᠴᠢᠬᠤᠯᠠ ᠶᠠᠷᠢᠶᠠᠨ ᠤ ᠵᠣᠷᠢᠭ ᠰᠠᠨᠠᠭ᠎ᠠ ᠵᠢᠴᠢ ᠬᠤᠶᠠᠷ ᠬᠤᠷᠠᠯ ᠤᠨ ᠬᠤᠭᠤᠴᠠᠭᠠᠨ ᠳᠤ ᠪᠠᠲᠤᠯᠠᠭᠰᠠᠨ ᠡᠯ᠎ᠡ ᠵᠦᠢᠯ ᠤᠨ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠤᠯᠠᠮᠵᠢᠯᠠᠵᠤ᠂ ᠣᠳᠣᠬᠢᠴᠢᠯᠠᠭᠰᠠᠨ ᠮᠠᠯ ᠠᠵᠤ ᠠᠬᠤᠶ᠂ ᠨᠤᠲᠤᠭ ᠪᠡᠯᠴᠢᠭᠡᠷ ᠤᠨ ᠠᠮᠢ ᠠᠬᠤᠶ ᠶᠢ ᠬᠠᠮᠠᠭᠠᠯᠠᠬᠤ ᠵᠢᠴᠢ ᠨᠠᠷᠢᠯᠢᠭ ᠠᠷᠠᠴᠢᠯᠠᠵᠤ ᠴᠥᠭᠡᠨ ᠲᠡᠵᠢᠭᠡᠬᠦ ᠵᠡᠷᠭᠡ ᠲᠥᠷᠥ ᠶᠢᠨ ᠪᠣᠳᠣᠯᠭ᠎ᠠ ᠶᠢᠨ ᠲᠠᠯ᠎ᠠ ᠪᠠᠷ ᠪᠥᠬᠦ ᠲᠠᠯ᠎ᠠ ᠶᠢᠨ ᠵᠢᠯᠣᠭᠤᠳᠣᠯᠭ᠎ᠠ ᠬᠢᠪᠠ᠃     ᠲᠣᠰ ᠤᠳᠠᠭᠠᠨ ᠤ ᠪᠣᠯᠪᠠᠰᠤᠷᠠᠯ ᠨᠢ ᠭᠤᠷᠪᠠᠨ ᠡᠳᠦᠷ ᠤᠨ ᠬᠤᠭᠤᠴᠠᠭ᠎ᠠ ᠲᠠᠢ ᠶᠠᠪᠤᠭᠳᠠᠵᠤ᠂ ᠡᠯ᠎ᠡ ᠰᠤᠮᠤ ᠪᠠᠯᠭᠠᠰᠤ᠂ ᠬᠤᠰᠢᠭᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠨᠢᠭᠡᠴᠡ ᠶᠢᠨ ᠭᠤᠤᠯ ᠬᠠᠷᠢᠭᠤᠴᠠᠯᠭᠠᠲᠠᠨ ᠵᠢᠴᠢ ᠬᠡᠰᠡᠭ ᠪᠠᠭ ᠤᠨ ᠭᠡᠰᠢᠭᠦᠨ᠂ ᠬᠤᠶᠠᠳᠤᠭᠠᠷ ᠳᠡᠰ ᠤᠨ ᠨᠢᠭᠡᠴᠡ ᠶᠢᠨ ᠭᠤᠤᠯ ᠬᠠᠷᠢᠭᠤᠴᠠᠯᠭᠠᠲᠠᠨ ᠪᠣᠯᠪᠠᠰᠤᠷᠠᠯ ᠳᠤ ᠤᠷᠤᠯᠴᠠᠪᠠ᠃
 
ᠢᠷᠡᠯᠲᠡ᠄ ᠠᠪᠠᠭ᠎ᠠ ᠬᠤᠰᠢᠭᠤᠨ ᠤ ᠵᠠᠰᠠᠭ ᠤᠨ ᠤᠷᠳᠤᠨ᠂ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号