ᠣᠯᠠᠨ ᠨᠡᠶᠢᠲᠡ ᠶᠢᠨ ᠭᠠᠯ ᠤᠨᠲᠠᠷᠠᠭᠠᠬᠤ ᠪᠦᠲᠦᠭᠡᠭᠳᠡᠬᠦᠨ ᠤ ᠲᠤᠬᠠᠶ ᠲᠠᠨᠢᠯᠲᠠ ᠵᠢᠴᠢ ᠬᠤᠳᠠᠯ ᠬᠠᠭᠤᠷᠮᠠᠭ | ᠴᠢᠨᠠᠷ ᠮᠠᠭᠤ ᠭᠠᠯ ᠤᠨᠲᠠᠷᠠᠭᠠᠬᠤ ᠪᠦᠲᠦᠭᠡᠭᠳᠡᠬᠦᠨ ᠤ ᠲᠤᠬᠠᠶ ᠣᠶᠢᠯᠠᠭᠠᠯᠲᠠ ᠶᠢ ᠪᠦᠲᠦᠮᠵᠢᠲᠡᠶ ᠳᠡᠭᠡᠭᠰᠢᠯᠡᠭᠦᠯᠵᠦ᠂ | ᠭᠠᠯ ᠤᠨᠲᠠᠷᠠᠭᠠᠬᠤ ᠠᠮᠤᠷ ᠲᠦᠪᠰᠢᠨ ᠤ ᠮᠡᠳᠡᠯᠭᠡ ᠪᠠ ᠦᠵᠡᠯ ᠲᠠᠨᠢᠯᠲᠠ ᠪᠠᠨ ᠴᠢᠩᠭᠠᠳᠬᠠᠬᠤ ᠶᠢᠨ ᠲᠥᠯᠥᠭᠡ᠂ | ᠣᠶᠢᠷ᠎ᠠ ᠳᠤ᠂ ᠠᠪᠠᠭ᠎ᠠ ᠬᠤᠰᠢᠭᠤᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠲᠣᠪᠴᠢᠶ᠎ᠠ ︽ᠬᠠᠨᠤᠮᠵᠢᠲᠠᠶ | ᠬᠡᠷᠡᠭᠯᠡᠭᠡ ᠶᠢ ᠬᠠᠮᠲᠤ ᠪᠠᠷᠪᠠᠶᠢᠭᠤᠯᠴᠠᠵᠤ ᠰᠠᠶᠢᠨ ᠰᠠᠶᠢᠬᠠᠨ ᠠᠮᠢᠳᠤᠷᠠᠯ ᠢᠶᠠᠨ ᠴᠤᠭᠴᠠᠯᠠᠬᠤ︾ ᠭᠤᠤᠯ ᠰᠡᠳᠦᠪᠲᠦ | ᠤᠬᠠᠭᠤᠯᠭ᠎ᠠ ᠶᠢᠨ ᠠᠵᠢᠯᠯᠠᠭ᠎ᠠ ᠶᠢ ᠢᠳᠡᠪᠬᠢᠲᠡᠶ ᠥᠷᠨᠢᠭᠦᠯᠵᠦ᠂ ᠡᠭᠦᠨ ᠢᠶᠠᠷ ᠠᠵᠠ ᠲᠣᠬᠢᠶᠠᠯ ᠪᠣᠯᠭᠠᠨ᠂ ᠭᠠᠯ | ᠤᠨᠲᠠᠷᠠᠭᠠᠬᠤ ᠦᠨᠳᠦᠰᠦᠨ ᠶᠡᠷᠦ ᠶᠢᠨ ᠮᠡᠳᠡᠯᠭᠡ ᠶᠢ ᠤᠬᠠᠭᠤᠯᠵᠤ᠂ ᠶᠡᠷᠦ ᠶᠢᠨ ᠮᠡᠳᠡᠯᠭᠡ ᠰᠤᠷᠤᠯᠴᠠᠬᠤ ᠢᠳᠡᠪᠬᠢᠲᠦ | ᠠᠭᠤᠷ ᠠᠮᠢᠰᠬᠤᠯ ᠢ ᠥᠷᠭᠡᠨ ᠢᠶᠠᠷ ᠪᠣᠶ ᠪᠣᠯᠭᠠᠪᠠ᠃ | ᠠᠵᠢᠯᠯᠠᠭ᠎ᠠ ᠶᠢᠨ ᠲᠤᠬᠠᠶ ᠶᠢᠨ ᠲᠠᠯᠠᠪᠤᠷ ᠲᠤ᠂ ᠤᠬᠠᠭᠤᠯᠬᠤ ᠠᠵᠢᠯᠲᠠᠨ ᠭᠠᠯ ᠤᠨᠲᠠᠷᠠᠭᠠᠬᠤ | ᠤᠬᠠᠭᠤᠯᠭ᠎ᠠ ᠶᠢᠨ ᠮᠠᠲ᠋ᠧᠷᠢᠶᠠᠯ ᠵᠢᠴᠢ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠣᠬᠤᠷ ᠹᠢᠯᠢᠮ ᠰᠤᠨᠢᠷᠬᠠᠭᠤᠯᠬᠤ ᠪᠠᠷ | ᠳᠠᠮᠵᠢᠨ᠂ ᠣᠯᠠᠨ ᠲᠦᠮᠡᠨ ᠳᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠬᠢᠵᠦ᠂ ᠮᠠᠰᠢ ᠣᠯᠠᠨ | ᠰᠠᠭᠤᠭᠠᠯᠢ ᠠᠷᠠᠳ ᠤᠨ ᠠᠩᠬᠠᠷᠤᠯ ᠢ ᠲᠠᠲᠠᠵᠤ ᠢᠳᠡᠪᠬᠢᠲᠡᠢ ᠤᠷᠤᠯᠴᠠᠪᠠ᠃ ᠭᠠᠯ ᠤᠨᠲᠠᠷᠠᠭᠠᠬᠤ ᠦᠢᠯᠡᠳᠬᠦᠨ ᠤ | ᠭᠠᠳᠠᠷ ᠪᠠᠶᠢᠳᠠᠯ ᠢ ᠢᠯᠭᠠᠨ ᠲᠠᠨᠢᠬᠤ᠂ ᠲᠡᠮᠳᠡᠭ ᠢ ᠢᠯᠭᠠᠨ ᠲᠠᠨᠢᠬᠤ᠂ ᠦᠨᠡᠮᠯᠡᠯ ᠰᠢᠯᠭᠠᠬᠤ ᠵᠡᠷᠭᠡ ᠲᠠᠯ᠎ᠠ ᠪᠠᠷ ᠡᠯ᠎ᠡ | ᠲᠥᠷᠥᠯ ᠤᠨ ᠭᠠᠯ ᠤᠨᠲᠠᠷᠠᠭᠠᠬᠤ ᠦᠢᠯᠡᠳᠬᠦᠨ ᠤ ᠢᠯᠭᠠᠨ ᠲᠠᠨᠢᠬᠤ ᠵᠢᠴᠢ ᠬᠡᠷᠡᠭᠯᠡᠬᠦ ᠠᠷᠭ᠎ᠠ ᠶᠢ ᠨᠠᠷᠢᠨ | ᠲᠠᠨᠢᠯᠴᠠᠭᠤᠯᠪᠠ᠃ ᠣᠯᠠᠨ ᠲᠦᠮᠡᠨ ᠤ ᠳᠤᠷᠠᠳᠤᠭᠰᠠᠨ ᠡᠯ᠎ᠡ ᠲᠥᠷᠥᠯ ᠤᠨ ᠭᠠᠯ ᠤᠨᠲᠠᠷᠠᠭᠠᠬᠤ ᠠᠮᠤᠷ ᠲᠦᠪᠰᠢᠨ ᠤ | ᠠᠰᠠᠭᠤᠳᠠᠯ ᠳᠤ ᠴᠢᠭᠯᠡᠭᠦᠯᠦᠨ ᠲᠤᠬᠠᠶ ᠶᠢᠨ ᠭᠠᠵᠠᠷ ᠲᠤᠨᠢ ᠬᠠᠷᠢᠭᠤᠯᠲᠠ ᠥᠭᠪᠡ᠃ | ᠲᠣᠰ ᠤᠳᠠᠭᠠᠨ ᠤ ᠠᠵᠢᠯᠯᠠᠭ᠎ᠠ ᠳᠤ᠂ ᠭᠠᠯ ᠤᠨᠲᠠᠷᠠᠭᠠᠬᠤ ᠵᠠᠬ᠎ᠠ ᠳᠡᠯᠭᠡᠭᠦᠷ ᠤᠨ ᠰᠠᠶᠢᠨ ᠰᠠᠶᠢᠬᠠᠨ ᠪᠠᠶᠢᠳᠠᠯ ᠢ | ᠪᠣᠶ ᠪᠣᠯᠭᠠᠵᠤ᠂ ᠣᠯᠠᠨ ᠲᠦᠮᠡᠨ ᠳᠤ ᠭᠠᠯ ᠤᠨᠲᠠᠷᠠᠭᠠᠬᠤ ᠪᠠᠭᠠᠵᠢ ᠬᠡᠷᠡᠭᠰᠡᠯ ᠤᠨ ᠮᠡᠳᠡᠯᠭᠡ᠂ ᠴᠢᠳᠠᠮᠵᠢ ᠵᠢᠴᠢ | ᠬᠡᠷᠡᠭᠴᠡᠭᠡ ᠶᠢ ᠣᠶᠢᠯᠠᠭᠠᠭᠤᠯᠪᠠ᠃ ᠲᠠᠷᠠᠭᠠᠴᠢ ᠶᠢᠨ ᠠᠯᠬᠤᠮ ᠳᠤ᠂ ᠠᠪᠠᠭ᠎ᠠ ᠬᠤᠰᠢᠭᠤᠨ ᠤ ᠭᠠᠯ ᠤᠨᠲᠠᠷᠠᠭᠠᠬᠤ | ᠠᠪᠤᠷᠠᠨ ᠲᠤᠰᠠᠯᠠᠬᠤ ᠲᠣᠪᠴᠢᠶ᠎ᠠ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠡᠷᠴᠢᠮ ᠢᠶᠠᠨ ᠦᠷᠭᠦᠯᠵᠢᠯᠡᠨ | ᠴᠢᠩᠭᠠᠷᠠᠭᠤᠯᠵᠤ᠂ ᠡᠯ᠎ᠡ ᠲᠥᠷᠥᠯ ᠤᠨ ᠭᠠᠯ ᠤᠨᠲᠠᠷᠠᠭᠠᠬᠤ ᠤᠬᠠᠭᠤᠯᠭ᠎ᠠ ᠶᠢᠨ ᠠᠵᠢᠯᠯᠠᠭ᠎ᠠ ᠶᠢ ᠢᠳᠡᠪᠬᠢᠲᠡᠶ | ᠥᠷᠨᠢᠭᠦᠯᠵᠦ᠂ ᠬᠠᠷᠢᠶᠠᠲᠤ ᠣᠷᠣᠨ ᠤ ᠭᠠᠯ ᠤᠨᠲᠠᠷᠠᠭᠠᠬᠤ ᠠᠮᠤᠷ ᠲᠦᠪᠰᠢᠨ ᠤ ᠪᠦᠬᠦᠯᠢ ᠴᠣᠭᠴᠠ ᠶᠢᠨ ᠪᠠᠶᠢᠳᠠᠯ ᠢ | ᠬᠦᠴᠦᠯᠡᠨ ᠳᠡᠭᠡᠭᠰᠢᠯᠡᠭᠦᠯᠵᠦ᠂ ᠭᠠᠯ ᠤᠨᠲᠠᠷᠠᠭᠠᠬᠤ ᠠᠮᠤᠷ ᠲᠦᠪᠰᠢᠨ ᠤ ᠪᠠᠲᠤ ᠪᠠᠬᠢ ᠪᠠᠬᠢᠯᠡᠯᠲᠡ ᠶᠢ | ᠪᠠᠶᠢᠭᠤᠯᠬᠤ ᠪᠠᠷ ᠪᠣᠯᠣᠨ᠎ᠠ᠃ |