3 ᠰᠠᠷ᠎ᠠ ᠶᠢᠨ 20 ᠤ ᠡᠳᠦᠷ᠂ ᠰᠧᠴᠤᠸᠠᠨ ᠮᠤᠵᠢ ᠶᠢᠨ ᠪᠠ ᠵᠦᠩ ᠬᠤᠳᠠ ᠶᠢᠨ ᠨᠠᠨᠵᠢᠶᠠᠩ ᠰᠢᠶᠠᠨ ᠤ | ᠰᠢᠨᠵᠢᠯᠡᠨ ᠪᠠᠶᠢᠴᠠᠭᠠᠬᠤ ᠪᠦᠯᠬᠦᠮ ᠠᠪᠠᠭ᠎ᠠ ᠬᠤᠰᠢᠭᠤᠨ ᠳᠤ ᠭᠦᠨᠵᠡᠭᠡᠶᠢᠷᠡᠨ ᠮᠢᠬᠠᠨ ᠤ ᠬᠤᠨᠢᠨ ᠤ ᠠᠵᠤ | ᠦᠢᠯᠡᠰ ᠤᠨ ᠬᠥᠭᠵᠢᠯᠲᠡ ᠶᠢᠨ ᠲᠤᠷᠰᠢᠯᠭ᠎ᠠ ᠶᠢ ᠰᠢᠨᠵᠢᠯᠡᠨ ᠰᠤᠷᠤᠯᠴᠠᠭᠰᠠᠨ ᠪᠥᠭᠡᠳ ᠡᠷᠳᠡᠨᠢ ᠢᠳᠡᠭᠡᠨ ᠤ | ᠬᠢᠵᠠᠭᠠᠷᠲᠤ ᠺᠣᠮᠫᠠᠨᠢ ᠶᠢ ᠭᠤᠣᠯᠳᠠᠯᠭ᠎ᠠ ᠲᠠᠢ ᠰᠤᠷᠪᠤᠯᠵᠢᠯᠠᠪᠠ᠃ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠡᠷᠬᠢᠮᠲᠦ᠂ ᠵᠠᠰᠠᠭ ᠤᠨ ᠣᠷᠳᠣᠨ ᠤ ᠬᠤᠰᠢᠭᠤ ᠳᠡᠳ᠋ | ᠳᠠᠷᠤᠭ᠎ᠠ ᠰᠢᠶᠧ ᠰᠢᠶᠤᠤ ᠳ᠋ᠦᠩ ᠪᠠᠷ᠎ᠠ ᠪᠣᠯᠵᠤ ᠰᠢᠨᠵᠢᠯᠡᠨ ᠪᠠᠶᠢᠴᠠᠭᠠᠪᠠ᠃ | ᠠᠪᠠᠭ᠎ᠠ ᠬᠤᠰᠢᠭᠤ ᠪᠣᠯ ᠰᠢᠯᠢ ᠶᠢᠨ ᠭᠤᠤᠯ ᠤᠨ ᠲᠠᠯ᠎ᠠ ᠨᠤᠲᠤᠭ ᠤᠨ ᠲᠤᠳᠤᠷ᠎ᠠ ᠭᠠᠵᠠᠷ ᠲᠤ ᠪᠠᠶᠢᠷᠢᠯᠠᠵᠤ᠂ | ᠲᠠᠯ᠎ᠠ ᠨᠤᠲᠤᠭ ᠤᠨ ᠠᠮᠢ ᠠᠬᠤᠶ ᠶᠢᠨ ᠣᠷᠴᠢᠨ ᠨᠡᠯᠢᠶᠡᠳ ᠰᠠᠶᠢᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠴᠢᠨᠠᠷ ᠰᠠᠶᠢᠲᠠᠶ ᠮᠢᠬᠠᠨ ᠤ ᠬᠤᠨᠢᠨ ᠤ ᠦᠢᠯᠡᠳᠪᠦᠷᠢᠯᠡᠯ ᠤᠨ ᠴᠢᠬᠤᠯᠠ ᠰᠠᠭᠤᠷᠢᠨ ᠭᠠᠵᠠᠷ ᠪᠠᠶᠢᠵᠤ᠂ | ᠮᠢᠬᠠᠨ ᠤ ᠬᠤᠨᠢᠨ ᠤ ᠠᠵᠤ ᠦᠢᠯᠡᠰ ᠬᠤᠯᠠ ᠣᠶᠢᠷ᠎ᠠ ᠳᠤ ᠠᠯᠳᠠᠷᠰᠢᠵᠠᠢ᠃ ᠲᠤᠭᠤᠷᠢᠨ ᠪᠠᠶᠢᠴᠠᠭᠠᠬᠤ ᠪᠦᠯᠬᠦᠮ | ᠲᠣᠰ ᠤᠳᠠᠭ᠎ᠠ ᠲᠤᠬᠠᠶ ᠶᠢᠨ ᠭᠠᠵᠠᠷ ᠤᠨ ᠮᠢᠬᠠᠨ ᠤ ᠬᠤᠨᠢ ᠲᠡᠵᠢᠭᠡᠨ ᠦᠷᠡᠵᠢᠭᠦᠯᠬᠦ᠂ ᠠᠯᠠᠵᠤ ᠨᠢᠲᠤᠯᠬᠤ᠂ ᠨᠠᠷᠢᠯᠢᠭ | ᠡᠳ᠋ᠰᠢᠭᠦᠯᠬᠦ᠂ ᠪᠦᠲᠦᠭᠡᠭᠳᠡᠬᠦᠨ ᠢ ᠰᠤᠳᠤᠯᠤᠨ ᠨᠡᠭᠡᠭᠡᠬᠦ᠂ ᠬᠦᠢᠲᠡᠨ ᠬᠡᠯᠬᠢᠶᠡᠲᠦ ᠬᠥᠮᠥᠷᠭᠡᠯᠡᠨ ᠬᠠᠳᠠᠭᠠᠯᠠᠬᠤ᠂ ᠵᠠᠬ᠎ᠠ | ᠳᠡᠯᠭᠡᠭᠦᠷ ᠤᠨ ᠡᠵᠡᠩᠨᠡᠯᠲᠡ ᠪᠣᠷᠣᠯᠠᠭᠤᠯᠭ᠎ᠠ ᠵᠡᠷᠭᠡ ᠲᠠᠯ᠎ᠠ ᠶᠢᠨ ᠲᠡᠷᠢᠭᠦᠨ ᠤ ᠲᠤᠷᠰᠢᠯᠭ᠎ᠠ ᠶᠢ ᠭᠦᠨᠵᠡᠭᠡᠶ ᠣᠶᠢᠯᠠᠭᠠᠵᠤ᠂ | ᠨᠠᠨᠵᠢᠶᠠᠩ ᠰᠢᠶᠠᠨ ᠤ ᠪᠣᠳᠠᠲᠠᠶ ᠳᠤ ᠨᠡᠶᠢᠴᠡᠬᠦ ᠬᠥᠭᠵᠢᠯᠲᠡ ᠶᠢᠨ ᠠᠷᠭ᠎ᠠ ᠵᠠᠮ ᠢ ᠬᠠᠶᠢᠨ ᠰᠦᠪᠡᠭᠴᠢᠯᠡᠪᠡ᠃ | ᠡᠷᠳᠡᠨᠢ ᠢᠳᠡᠭᠡᠨ ᠤ ᠬᠢᠵᠠᠭᠠᠷᠲᠤ ᠺᠣᠮᠫᠠᠨᠢ ᠳᠤ᠂ ᠰᠢᠨᠵᠢᠯᠡᠨ ᠪᠠᠶᠢᠴᠠᠭᠠᠬᠤ ᠪᠦᠯᠬᠦᠮ ᠤᠨ ᠬᠢᠨ ᠠᠵᠤ | ᠠᠬᠤᠶᠢᠯᠠᠯ ᠤᠨ ᠦᠢᠯᠡᠳᠪᠦᠷᠢᠯᠡᠯ ᠤᠨ ᠶᠠᠪᠤᠴᠠ᠂ ᠦᠢᠯᠡᠳᠬᠦᠨ ᠤ ᠣᠨᠴᠠᠯᠢᠭ ᠵᠢᠴᠢ ᠵᠠᠬ᠎ᠠ ᠳᠡᠯᠭᠡᠭᠦᠷ ᠤᠨ | ᠪᠣᠷᠣᠯᠠᠭᠤᠯᠭ᠎ᠠ ᠶᠢᠨ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ | ᠮᠢᠬᠠᠨ ᠤ ᠬᠤᠨᠢ ᠶᠢ ᠨᠠᠷᠢᠯᠢᠭ ᠡᠳ᠋ᠰᠢᠭᠦᠯᠬᠦ᠂ ᠲᠦᠷᠦᠯ ᠲᠡᠮᠳᠡᠭ ᠤᠨ ᠪᠠᠶᠢᠭᠤᠯᠤᠯᠲᠠ᠂ ᠬᠦᠢᠳᠡᠨ ᠬᠡᠯᠬᠢᠶᠡᠲᠦ | ᠪᠠᠷᠠᠭᠠᠨ ᠤ ᠭᠦᠢᠯᠭᠡᠭᠡ ᠵᠡᠷᠭᠡ ᠲᠠᠯ᠎ᠠ ᠪᠠᠷ ᠰᠠᠨᠠᠯ ᠢᠶᠠᠨ ᠭᠦᠨᠵᠡᠭᠡᠢ ᠰᠣᠯᠢᠯᠴᠠᠪᠠ᠃ ᠪᠠᠶᠢᠴᠠᠭᠠᠬᠤ ᠪᠦᠯᠬᠦᠮ ᠠᠴᠠ᠂ | ᠠᠪᠠᠭ᠎ᠠ ᠬᠤᠰᠢᠭᠤ ᠮᠢᠬᠠᠨ ᠤ ᠬᠤᠨᠢᠨ ᠤ ᠠᠵᠤ ᠦᠢᠯᠡᠰ ᠤᠨ ᠪᠥᠬᠦ ᠬᠡᠯᠬᠢᠶᠡᠵᠢᠯ ᠤᠨ ᠬᠥᠭᠵᠢᠯᠲᠡ ᠶᠢᠨ ᠲᠤᠷᠰᠢᠯᠭ᠎ᠠ | ᠨᠢ ᠰᠤᠷᠤᠯᠴᠠᠨ ᠲᠣᠯᠢᠯᠠᠭᠤᠰᠢᠲᠠᠶ᠂ ᠲᠣᠰ ᠤᠳᠠᠭᠠᠨ ᠤ ᠰᠢᠨᠵᠢᠯᠡᠨ ᠪᠠᠶᠢᠴᠠᠭᠠᠯᠲᠠ ᠪᠠᠷ ᠳᠡᠮᠵᠢᠨ᠂ ᠨᠠᠨᠵᠢᠶᠠᠩ | ᠰᠢᠶᠠᠨ ᠤ ᠮᠢᠬᠠᠨ ᠤ ᠬᠤᠨᠢᠨ ᠤ ᠠᠵᠤ ᠦᠢᠯᠡᠰ ᠤᠨ ᠲᠠᠰ ᠳᠡᠪᠰᠢᠬᠦ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠳᠤ ᠬᠦᠴᠦᠲᠡᠶ ᠲᠤᠯᠭᠠᠭᠤᠷᠢᠯᠠᠯ ᠬᠠᠩᠭᠠᠬᠤ ᠶᠢ ᠬᠦᠰᠡᠵᠦ ᠪᠠᠶᠢᠨ᠎ᠠ ᠭᠡᠵᠦ ᠢᠯᠡᠷᠬᠡᠶᠢᠯᠡᠪᠡ᠃ |