3 ᠰᠠᠷ᠎ᠠ ᠶᠢᠨ 20 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ | ᠨᠠᠰᠤᠨᠪᠠᠲᠤ ᠵᠠᠰᠠᠭ ᠤᠨ ᠣᠷᠳᠣᠨ ᠤ 2025 ᠣᠨ ᠤ ᠭᠤᠷᠪᠠᠳᠤᠭᠠᠷ ᠤᠳᠠᠭᠠᠨ ᠤ ᠪᠠᠶᠢᠩᠭᠤ ᠶᠢᠨ ᠬᠤᠷᠠᠯ ᠢ | ᠡᠷᠭᠢᠯᠡᠨ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠪᠥᠬᠦ ᠤᠯᠤᠰ ᠤᠨ ᠠᠮᠢ ᠠᠬᠤᠶ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠶᠡᠭᠡ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ | ᠰᠤᠷᠤᠯᠴᠠᠵᠤ᠂ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠢ ᠵᠠᠰᠠᠬᠤ ᠬᠠᠮᠢᠶ᠎ᠠ ᠪᠥᠬᠦᠶ ᠤᠴᠢᠷ ᠶᠠᠪᠤᠳᠠᠯ ᠢ | ᠰᠤᠳᠤᠯᠤᠨ ᠪᠠᠶᠢᠷᠢᠯᠠᠭᠤᠯᠪᠠ᠃ ᠬᠤᠰᠢᠭᠤ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠭᠡᠰᠢᠭᠦᠨ᠂ ᠬᠠᠮᠢᠶ᠎ᠠ | ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠤᠷᠤᠯᠴᠠᠪᠠ᠃ | ᠬᠤᠷᠠᠯ ᠠᠴᠠ ᠴᠢᠬᠤᠯᠠᠴᠢᠯᠠᠭᠰᠠᠨ ᠨᠢ᠂ ᠪᠥᠬᠦ ᠬᠤᠰᠢᠭᠤᠨ ᠤ ᠳᠡᠭᠡᠳᠦ ᠳᠣᠤᠷᠠᠳᠤ ᠱᠠᠲᠤᠨ ᠤ ᠬᠢᠨ ᠰᠢ ᠶᠢᠨ | ᠫᠢᠩ ᠶᠡᠷᠦᠩᠬᠡᠶ ᠱᠦᠵᠢ ᠶᠢᠨ ᠪᠥᠬᠦ ᠤᠯᠤᠰ ᠤᠨ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠶᠡᠭᠡ | ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠣᠶᠢᠯᠠᠭᠠᠵᠤ᠂ ᠤᠮᠠᠷᠠᠲᠤ ᠶᠢᠨ ᠠᠮᠢ ᠠᠬᠤᠶ ᠶᠢᠨ | ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠴᠢᠬᠤᠯᠠ ᠶᠡᠭᠡ ᠤᠯᠤᠰ ᠲᠥᠷᠥ ᠶᠢᠨ ᠬᠠᠷᠢᠭᠤᠴᠠᠯᠭ᠎ᠠ ᠶᠢ | ᠦᠨᠡᠨ ᠬᠦ ᠡᠭᠦᠷᠭᠡᠯᠡᠵᠦ᠂ ᠪᠥᠬᠦ ᠬᠤᠰᠢᠭᠤᠨ ᠤ ᠠᠮᠢ ᠠᠬᠤᠶ ᠶᠢᠨ ᠣᠷᠴᠢᠨ ᠲᠣᠭᠤᠷᠢᠨ ᠤ ᠶᠠᠰᠤ ᠴᠢᠨᠠᠷ ᠢ | ᠦᠷᠭᠦᠯᠵᠢᠯᠡᠨ ᠰᠠᠶᠢᠵᠢᠷᠠᠭᠤᠯᠬᠤ ᠶᠢ ᠠᠬᠢᠭᠤᠯᠬᠤ ᠬᠡᠷᠡᠭᠲᠡᠶ︔ ᠬᠤᠯᠠᠨ ᠰᠢᠷᠭ᠎ᠠ ᠲᠠᠭ᠎ᠠ ᠶᠢᠨ ᠡᠯᠡᠰᠦ ᠶᠢ ᠵᠠᠰᠠᠬᠤ | ᠡᠯ᠎ᠡ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠠᠵᠢᠯ ᠤᠨ ᠵᠢᠷᠤᠭ | ᠲᠥᠯᠥᠪᠯᠡᠭᠡ ᠶᠢ ᠨᠠᠶᠢᠷᠠᠭᠤᠯᠤᠨ ᠵᠣᠬᠢᠶᠠᠬᠤ᠂ ᠪᠠᠷᠢᠯᠭ᠎ᠠ ᠶᠢᠨ ᠠᠵᠤ ᠠᠬᠤᠶᠢᠯᠠᠯ ᠤᠨ ᠳᠠᠭᠠᠭᠠᠴᠢᠯᠠᠯᠲᠠ ᠵᠠᠷᠯᠠᠬᠤ᠂ | ᠡᠳ᠋ ᠪᠣᠳᠠᠰ ᠤᠨ ᠮᠠᠲ᠋ᠧᠷᠢᠶᠠᠯ ᠢ ᠨᠥᠭᠡᠴᠡᠯᠡᠬᠦ ᠵᠡᠷᠭᠡ ᠵᠠᠩᠭᠢᠯᠠᠭ᠎ᠠ ᠶᠢᠨ ᠭᠤᠭᠴᠤᠭ᠎ᠠ ᠶᠢ ᠨᠠᠷᠢᠨ ᠬᠢᠨᠠᠮᠠᠭᠠᠶ ᠰᠤᠷᠤᠯᠴᠠᠨ | ᠰᠤᠳᠤᠯᠵᠤ᠂ ᠤᠯᠤᠰ ᠤᠨ ᠠᠵᠢᠯ ᠣᠯᠭᠤᠯᠲᠠ ᠪᠠᠷ ᠲᠡᠳᠬᠦᠮᠵᠢ ᠶᠢ ᠣᠷᠣᠯᠠᠭᠤᠯᠬᠤ ᠠᠵᠢᠯ ᠤᠨ ᠵᠦᠭᠯᠡᠭᠦᠷ᠂ | ᠲᠥᠷᠥ ᠶᠢᠨ ᠪᠣᠳᠣᠯᠭ᠎ᠠ ᠶᠢ ᠨᠡᠪᠲᠡᠷᠡᠲᠡᠯ᠎ᠡ ᠣᠶᠢᠯᠠᠭᠠᠬᠤ᠂ ᠱᠠᠭᠠᠷᠳᠠᠯᠭ᠎ᠠ ᠶᠢ ᠣᠨᠣᠪᠴᠢᠲᠠᠶ ᠡᠵᠡᠮᠳᠡᠬᠦ ᠶᠢ | ᠵᠣᠷᠢᠭᠵᠢᠭᠤᠯᠤᠨ ᠬᠥᠲᠥᠯᠥᠨ ᠵᠢᠯᠣᠭᠤᠳᠬᠤ ᠬᠡᠷᠡᠭᠲᠡᠶ︔ ᠡᠯᠡᠰᠦᠷᠬᠡᠭ ᠭᠠᠵᠠᠷ ᠢ ᠵᠠᠰᠠᠬᠤ ᠪᠠ ᠬᠠᠮᠢᠶᠠᠷᠤᠨ | ᠬᠠᠮᠠᠭᠠᠯᠠᠬᠤ ᠬᠤᠶᠠᠷ ᠲᠠᠯ᠎ᠠ ᠶᠢ ᠠᠳᠬᠤᠬᠤ ᠶᠢ ᠪᠠᠷᠢᠮᠲᠠᠯᠠᠵᠤ᠂ ︽ᠨᠢᠭᠡ ᠬᠡᠰᠡᠭ ᠨᠢᠭᠡ ᠲᠠᠰ︾ ᠤᠨ | ᠲᠤᠭᠲᠠᠯᠴᠠᠭ᠎ᠠ ᠶᠢ ᠦᠨᠡᠨ ᠪᠣᠳᠠᠲᠠᠶ ᠪᠠᠷ ᠰᠠᠶᠢᠲᠤᠷ ᠨᠠᠶᠢᠳᠠᠪᠤᠷᠢᠵᠢᠭᠤᠯᠵᠤ᠂ ᠵᠠᠰᠠᠯᠲᠠ ᠶᠢᠨ ᠦᠷ᠎ᠡ ᠪᠦᠲᠦᠮᠵᠢ ᠶᠢ ︽ | ᠡᠷᠭᠢᠵᠦ ᠦᠵᠡᠬᠦ︾ ᠶᠢ ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠤᠨ ᠥᠷᠨᠢᠭᠦᠯᠵᠦ᠂ ᠳᠡᠭᠡᠳᠦ | ᠱᠠᠲᠤᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢ ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ | ᠠᠰᠠᠭᠤᠳᠠᠯ᠂ ᠥᠪᠡᠰᠦᠪᠡᠨ ᠪᠠᠶᠢᠴᠠᠭᠠᠵᠤ ᠥᠪᠡᠰᠦᠪᠡᠨ ᠵᠠᠯᠠᠷᠠᠭᠤᠯᠵᠤ ᠢᠯᠡᠷᠡᠭᠦᠯᠦᠭᠰᠡᠨ ᠠᠰᠠᠭᠤᠳᠠᠯ᠂ ᠣᠯᠠᠨ | ᠲᠦᠮᠡᠨ ᠤ ᠲᠤᠰᠬᠠᠯ ᠴᠢᠩᠭ᠎ᠠ ᠠᠰᠠᠭᠤᠳᠠᠯ ᠢ ᠴᠢᠩᠭ᠎ᠠ ᠠᠩᠬᠠᠷᠴᠤ᠂ ᠴᠠᠭ ᠬᠤᠭᠤᠴᠠᠭ᠎ᠠ᠂ ᠪᠠᠷᠢᠮᠵᠢᠶ᠎ᠠ ᠶᠢᠨ | ᠱᠠᠭᠠᠷᠳᠠᠯᠭ᠎ᠠ ᠲᠠᠢ ᠴᠢᠩᠭ᠎ᠠ ᠬᠠᠷᠢᠴᠠᠭᠤᠯᠤᠨ᠂ ᠠᠵᠢᠯ ᠤᠨ ᠬᠤᠭᠤᠴᠠᠭ᠎ᠠ ᠶᠢ ᠵᠢᠭᠰᠠᠭᠠᠨ᠂ ᠴᠡᠭᠴᠡᠯᠡᠨ | ᠰᠠᠶᠢᠵᠢᠷᠠᠭᠤᠯᠬᠤ ᠶᠢ ᠲᠦᠷᠭᠡᠳᠬᠡᠨ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠰᠠᠶᠢᠳᠤᠷ ᠬᠢᠬᠦ ᠶᠢ ᠪᠠᠲᠤᠯᠠᠬᠤ | ᠬᠡᠷᠡᠭᠲᠡᠶ᠃ | ᠬᠤᠷᠠᠯ ᠠᠴᠠ ᠪᠠᠰᠠ ᠪᠤᠰᠤᠳ ᠶᠠᠪᠤᠳᠠᠯ ᠢ ᠰᠤᠳᠤᠯᠪᠠ᠃ |